ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠦᠯᠵᠢᠶᠡᠨ᠎ᠤ ᠠᠮᠤᠷ ᠲᠦᠪᠰᠢᠨ᠎ᠤ ᠬᠦᠮᠤᠵᠢᠯ᠎ᠤᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄ 2023-04-03

    3 ᠰᠠᠷ᠎ᠠ ᠵᠢᠨ 29᠎ᠤ ᠡᠳᠦᠷ᠂ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠦᠯᠵᠢᠶᠡᠨ᠎ᠤ ᠠᠮᠤᠷ ᠲᠦᠪᠰᠢᠨ᠎ᠤ   ᠬᠦᠮᠤᠵᠢᠯ᠎ᠤᠨ ᠪᠤᠯᠪᠠᠰᠤᠷᠠᠯ ᠡᠷᠬᠢᠯᠡᠪᠡ᠃ ᠲᠢᠩᠬᠢᠮ᠎ᠤᠨ ᠪᠠᠢ᠌ᠭᠤᠯᠤᠯᠭ᠎ᠠ ᠵᠢᠨ ᠠᠵᠢᠯᠲᠠᠨ᠂ ᠰᠢᠭᠤᠳ ᠬᠠᠷᠢᠶ᠎ᠠ ᠨᠢᠬᠡᠴᠢ ᠵᠢᠨ ᠮᠡᠳᠡᠭᠡ ᠵᠠᠩᠭᠢᠵᠢᠯᠲᠠ ᠵᠢᠨ ᠠᠵᠢᠯᠲᠠᠨ ᠪᠠ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ᠎ᠤᠨ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠠᠵᠢᠯᠯᠠᠭᠤᠯᠵᠤ ᠬᠠᠮᠠᠭ᠋ᠠᠯᠠᠬᠤ ᠢᠨᠵᠧᠨᠧᠷ ᠵᠡᠷᠬᠡ 50 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃ 
     ᠲᠣᠰ ᠪᠣᠯᠪᠠᠰᠤᠷᠠᠯ᠎ᠤᠨ ᠵᠤᠷᠢᠯᠭ᠎ᠠ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ》 ᠪᠠ ᠰᠦᠯᠵᠢᠶᠡᠨ᠎ᠤ ᠠᠮᠤᠷ ᠲᠦᠪᠰᠢᠨ᠎ᠤ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠰᠦᠯᠵᠢᠶᠡᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠬᠤ᠎ᠪᠠᠷ ᠲᠠᠮᠵᠢᠭᠤᠯᠤᠨ ᠠᠵᠢᠯᠲᠠᠨ᠎ᠤ ᠰᠦᠯᠵᠢᠶᠡᠨ᠎ᠤ ᠠᠮᠤᠷ ᠲᠦᠪᠰᠢᠨ᠎ᠤ ᠤᠬᠠᠮᠰᠠᠷ᠎ᠢ ᠳᠡᠭᠡᠭᠰᠢᠯᠡᠭᠦᠯᠦᠨ᠂ ᠰᠦᠯᠵᠢᠶᠡᠨ᠎ᠤ ᠠᠮᠤᠷ ᠲᠦᠪᠰᠢᠨ᠎ᠤ ᠪᠠᠳᠤᠯᠠᠭ᠎ᠠ ᠵᠢᠨ ᠲᠦᠪᠰᠢᠨ᠎ᠢ ᠪᠦᠬᠦ ᠲᠠᠯ᠎ᠠ᠎ᠪᠠᠷ ᠲᠡᠬᠡᠭᠰᠢᠯᠡᠬᠦᠯᠬᠦ ᠵᠢᠨ ᠲᠦᠯᠤᠬᠡ ᠶᠤᠮ᠃
     ᠪᠣᠯᠪᠠᠰᠤᠷᠠᠯ ᠲᠡᠬᠡᠷ᠎ᠡ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠦᠯᠵᠢᠶᠡᠨ᠎ᠤ ᠠᠮᠤᠷ ᠲᠦᠪᠰᠢᠨ᠎ᠤ ᠶᠡᠷᠦᠩᠬᠡᠢ ᠠᠩᠭᠢ ᠵᠢᠨ ᠰᠦᠯᠵᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠬᠠᠮᠠᠭ᠋ᠠᠯᠠᠯᠲᠠ ᠵᠢᠨ ᠰᠠᠯᠪᠤᠷᠢ ᠠᠩᠭᠢ ᠵᠢᠨ ᠳᠠᠷᠤᠭ᠎ᠠ ᠼᠠᠢ ᠮᠢᠩ ᠶᠤᠸᠠᠨ ᠨᠥᠬᠥᠷ᠎ᠢ ᠤᠷᠢᠵᠤ ᠰᠦᠯᠵᠢᠶᠡᠨ᠎ᠤ ᠠᠮᠤᠷ ᠲᠦᠪᠰᠢᠨ᠎ᠤ ᠤᠬᠠᠮᠰᠠᠷ᠂ ᠰᠦᠯᠵᠢᠶᠡᠨ᠎ᠤ ᠠᠮᠤᠷ ᠲᠦᠪᠰᠢᠨ᠎ᠤ ᠣᠷᠴᠢᠨ ᠲᠣᠭᠣᠷᠢᠨ᠂ ᠰᠦᠯᠵᠢᠶᠡᠨ᠎ᠤ ᠳᠠᠭ᠋ᠠᠷᠢᠯᠲᠠ᠂ ᠰᠦᠯᠵᠢᠶᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠬᠦ᠂ ᠰᠦᠯᠵᠢᠶᠡᠨ᠎ᠤ ᠠᠮᠤᠷ ᠲᠦᠪᠰᠢᠨ᠎ᠤ ᠪᠠᠢ᠌ᠭᠤᠯᠤᠯᠲᠠ ᠵᠡᠷᠭᠡ ᠠᠭᠤᠯᠭ᠎ᠠ᠎ᠪᠠᠷ ᠬᠢᠴᠢᠶᠡᠯ ᠤᠷᠤᠭᠤᠯᠪᠠ᠃
 

 

ᠢᠷᠡᠯᠲᠡ᠄ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ᠎ᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠵᠢ ᠴᠡᠭᠴᠡᠯᠡᠬᠦ ᠠᠵᠢᠯᠯᠠᠭ᠎ᠠ ᠦᠷᠨᠢᠬᠦᠯᠪᠡ
ᠲᠢᠡᠭᠭᠢᠮ᠎ᠤᠨ ᠤᠳᠤᠷᠢᠳᠤᠯᠭ᠎ᠠ ᠬᠦᠬᠡᠬᠤᠳᠠ᠎ᠳᠤ ᠬᠠᠩᠰᠢ ᠵᠢᠨ ᠲᠠᠬᠢᠯᠭ᠎ᠠ ᠵᠡᠷᠬᠡ ᠠᠵᠢᠯ᠎ᠢ ᠪᠠᠢ᠌ᠴᠠᠭ᠋ᠠᠨ ᠵᠢᠯᠣᠭᠣᠳᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ ᠺᠠᠳ᠋ᠷ ᠠᠵᠢᠯᠳᠠᠳ ᠸᠠᠩ ᠰᠧ ᠪᠢᠨ ᠫᠷᠤᠹᠧᠰᠰᠤᠷ᠎ᠤᠨ ᠬᠥᠬᠡᠬᠣᠲᠠ᠎ᠳᠤ ᠥᠷᠨᠢᠭᠦᠯᠦᠭᠰᠡᠨ ᠨᠡᠢ᠌ᠭᠡᠮ᠎ᠤᠨ ᠠᠵᠢᠯ᠎ᠤᠨ ᠲᠤᠰᠬᠠᠢ ᠰᠡᠳᠦᠪᠲᠦ ᠡᠷᠳᠡᠮ ᠰᠢᠨᠵᠢᠯᠡᠭᠡᠨ᠎ᠤ ᠲᠠᠢ᠌ᠯᠤᠮᠵᠢ ᠵᠢ ᠰᠤᠨᠤᠰᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ ᠺᠠᠳ᠋ᠷ ᠠᠵᠢᠯᠳᠠᠳ ᠸᠠᠩ ᠰᠧ ᠪᠢᠨ ᠫᠷᠤᠹᠧᠰᠰᠤᠷ᠎ᠤᠨ ᠬᠥᠬᠡᠬᠣᠲᠠ᠎ᠳᠤ ᠥᠷᠨᠢᠭᠦᠯᠦᠭᠰᠡᠨ ᠨᠡᠢ᠌ᠭᠡᠮ᠎ᠤᠨ ᠠᠵᠢᠯ᠎ᠤᠨ ᠲᠤᠰᠬᠠᠢ ᠰᠡᠳᠦᠪᠲᠦ ᠡᠷᠳᠡᠮ ᠰᠢᠨᠵᠢᠯᠡᠭᠡᠨ᠎ᠤ ᠲᠠᠢ᠌ᠯᠤᠮᠵᠢ ᠵᠢ ᠰᠤᠨᠤᠰᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠬᠢᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠯ᠎ᠢ ᠰᠡᠷᠬᠡᠢ᠌ᠯᠡᠬᠦ ᠪᠤᠭᠤᠮᠳᠠ ᠰᠢᠪᠳᠤᠯᠤᠯᠳᠠ ᠵᠢᠨ ᠠᠵᠢᠯᠯᠠᠭ᠎ᠠ ᠦᠷᠨᠢᠬᠦᠯᠪᠡ
 
            