ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠲᠡᠳ᠋ ᠳᠠᠷᠤᠭ᠎ᠠ ᠴᠤᠭ 5 ᠳ᠋ᠤᠭ᠋ᠠᠷ ᠰᠠᠷ᠎ᠠ ᠵᠢᠨ 4᠎ᠤ ᠡᠳᠦᠷ ᠪᠦᠯᠬᠦᠮ ᠳᠠᠭ᠋ᠠᠭᠤᠯᠤᠨ ᠡᠷᠭᠦᠨ᠎ᠡ ᠬᠣᠲᠠ ᠵᠢᠨ ᠣᠷᠣᠰᠢᠭᠤᠯᠭ᠎ᠠ ᠵᠢᠨ ᠭᠠᠵᠠᠷ᠎ᠤᠨ ᠲᠥᠷᠥᠯ ᠵᠦᠢ᠍ᠯ᠎ᠤᠨ ᠪᠠᠷᠢᠯᠭ᠎ᠠ ᠵᠢᠨ ᠲᠤᠬᠠᠢ ᠵᠢᠨ ᠭᠠᠵᠠᠷ᠎ᠤᠨ ᠲᠥᠷᠥᠯ ᠵᠦᠢ᠍ᠯ᠎ᠤᠨ ᠠᠬᠢᠴᠠ ᠵᠢᠨ ᠪᠠᠢ᠌ᠳᠠᠯ᠎ᠢ ᠪᠠᠢ᠌ᠴᠠᠭ᠋ᠠᠨ ᠵᠢᠯᠣᠭᠣᠳᠪᠠ᠃ ᠲᠢᠩᠬᠢᠮ᠎ᠤᠨ ᠳᠡᠳ᠋ ᠳᠠᠷᠤᠭ᠎ᠠ ᠨᠠᠷ ᠲᠤᠬᠠᠢ ᠵᠢᠨ ᠲᠠᠯᠠᠪᠠᠶ᠎ᠳᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ᠂ ᠵᠢᠷᠤᠭ ᠲᠥᠯᠥᠪᠯᠡᠭᠡ ᠵᠢᠨ ᠲᠥᠰᠥᠯ ᠵᠡᠷᠭᠡ ᠮᠠᠲ᠋ᠧᠷᠢᠶᠠᠯ᠎ᠢ ᠪᠠᠢ᠌ᠴᠠᠭ᠋ᠠᠨ ᠦᠵᠡᠭᠰᠡᠨ ᠪᠥᠭᠡᠳ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠂ ᠠᠵᠢᠯ᠎ᠤᠨ ᠠᠬᠢᠴᠠ ᠪᠠ ᠣᠷᠣᠰᠢᠵᠤ ᠪᠠᠢ᠌ᠭ᠎ᠠ ᠠᠰᠠᠭᠤᠳᠠᠯ᠎ᠢ ᠨᠠᠷᠢᠨ ᠣᠢ᠌ᠯᠠᠭ᠋ᠠᠪᠠ᠃ ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠼᠤᠤ ᠳ᠋ᠦᠩ ᠯᠧᠢ᠂ ᠡᠷᠭᠦᠨ᠎ᠡ ᠬᠣᠲᠠ ᠵᠢᠨ ᠵᠠᠰᠠᠭ᠎ᠤᠨ ᠣᠷᠳᠣᠨ᠎ᠤ ᠳᠠᠷᠤᠭ᠎ᠠ ᠭᠧᠩ ᠬᠤᠸ᠋ ᠨᠠᠷ ᠬᠠᠮᠳᠤ ᠪᠠᠢ᠌ᠴᠠᠭ᠋ᠠᠪᠠ᠃
ᠠᠬᠤᠢ ᠲᠠᠯᠠᠪᠠᠢ᠎ᠳᠤ ᠪᠠᠢ᠌ᠴᠠᠭ᠋ᠠᠨ ᠵᠢᠯᠤᠭᠤᠳᠴᠤ ᠪᠠᠢ᠌ᠭ᠎ᠠ᠎ᠨᠢ
ᠲᠢᠩᠬᠢᠮ᠎ᠤᠨ ᠳᠡᠳ᠋ ᠳᠠᠷᠤᠭ᠎ᠠ ᠴᠣᠭ ᠴᠢᠬᠤᠯᠠᠴᠢᠯᠠᠭᠰᠠᠨ᠎ᠨᠢ᠂ ᠪᠡᠶ᠎ᠡ᠎ᠪᠠᠷ ᠵᠶ᠋ᠡᠨ ᠠᠷᠠᠳ ᠤᠯᠠᠨ᠎ᠳᠤ ᠠᠰᠢᠭ ᠬᠦᠷᠲᠡᠭᠡᠵᠦ᠂ ᠤᠯᠠᠨ ᠲᠦᠮᠡᠨ᠎ᠤ ᠦᠨᠳᠦᠰᠦᠨ ᠣᠷᠣᠰᠢᠭᠤᠯᠭ᠎ᠠ ᠵᠢᠨ ᠬᠡᠷᠡᠭᠴᠡᠭᠡ᠎ᠪᠠᠷ ᠲᠤᠰᠤᠯᠲᠠ ᠪᠣᠯᠭ᠋ᠠᠵᠤ᠂ ᠨᠡᠢ᠌ᠭᠡᠮ᠎ᠤᠨ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠬᠢᠨᠠᠮᠠᠭ᠋ᠠᠢ ᠰᠣᠨᠣᠰᠴᠤ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠤᠷᠳᠤᠴᠠ ᠵᠢ ᠤᠯᠠᠨ ᠠᠷᠭ᠎ᠠ᠎ᠪᠠᠷ ᠲᠦᠷᠭᠡᠳᠬᠡᠵᠦ᠂ ᠣᠷᠣᠰᠢᠭᠤᠯᠭ᠎ᠠ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠲᠡᠭᠦᠯᠳᠡᠷᠵᠢᠭᠦᠯᠵᠦ᠂ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠳᠤᠲᠠᠭᠤᠳᠠᠯ᠎ᠢ ᠨᠥᠬᠥᠪᠦᠷᠢᠯᠡᠵᠦ᠂ ᠲᠦᠷᠦᠯ ᠵᠦᠢ᠍ᠯ᠎ᠢ ᠡᠷᠲᠡᠬᠡᠨ ᠠᠰᠢᠭᠯᠠᠯᠲᠠ᠎ᠳᠤ ᠣᠷᠣᠭᠤᠯᠬᠤ ᠵᠢ ᠪᠠᠳᠤᠯᠠᠨ᠂ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃

ᠠᠬᠤᠢ ᠲᠠᠯᠠᠪᠠᠢ᠎ᠳᠤ ᠪᠠᠢ᠌ᠴᠠᠭ᠋ᠠᠨ ᠵᠢᠯᠤᠭᠤᠳᠴᠤ ᠪᠠᠢ᠌ᠭ᠎ᠠ᠎ᠨᠢ
ᠡᠷᠭᠦᠨ᠎ᠡ ᠬᠤᠳᠠ ᠵᠢᠨ ᠣᠷᠣᠰᠢᠭᠤᠯᠭ᠎ᠠ ᠵᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ ᠪᠣᠯ ᠬᠥᠯᠥᠨ ᠪᠤᠢ᠍ᠢ᠍ᠷ ᠬᠤᠳᠠ ᠵᠢᠨ 2023 ᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠦᠷᠦᠯ ᠵᠦᠢ᠍ᠯ ᠪᠣᠯᠣᠨ᠎ᠠ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠨᠢ ᠣᠷᠣᠰᠢᠭᠤᠯᠭ᠎ᠠ ᠵᠢᠨ ᠰᠠᠭᠤᠷᠢ ᠲᠥᠬᠦᠭᠡᠷᠦᠮᠵᠢ ᠵᠢᠨ ᠳᠤᠲᠠᠭᠤᠳᠠᠯ᠎ᠢ ᠨᠥᠬᠥᠪᠦᠷᠢᠯᠡᠵᠦ᠂ ᠪᠦᠬᠦ ᠬᠤᠳᠠ ᠵᠢᠨ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠪᠣᠯᠣᠨ ᠬᠠᠨᠤᠮᠵᠢ ᠵᠢᠨ ᠬᠡᠮᠵᠢᠶ᠎ᠡ ᠵᠢ ᠨᠡᠮᠡᠭᠳᠡᠭᠦᠯᠬᠦ ᠪᠣᠯᠣᠨ᠎ᠠ᠃