ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠲᠢᠩᠬᠢᠮ 2022 ᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠬᠠᠷᠢᠭᠤᠴᠠᠯᠭ᠎ᠠ ᠵᠢᠨ ᠮᠡᠳᠡᠬᠦᠯᠤᠯᠳᠡ᠂ ᠠᠷᠢᠭᠤᠨ ᠴᠢᠭᠴᠢ ᠵᠢᠨ ᠮᠡᠳᠡᠬᠦᠯᠤᠯᠳᠡ ᠪᠠ ᠨᠠᠮ᠎ᠤᠨ ᠪᠠᠢ᠌ᠭᠤᠯᠤᠯᠳᠠ ᠵᠢᠨ ᠠᠵᠢᠯ᠎ᠤᠨ ᠲᠤᠬᠠᠢ ᠮᠡᠳᠡᠬᠦᠯᠤᠯᠳᠠ ᠵᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2023-03-24

    3 ᠰᠠᠷ᠎ᠠ ᠵᠢᠨ 15᠎ᠤ ᠡᠳᠦᠷ᠂ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠬᠠᠷᠢᠭᠤᠴᠠᠯᠭ᠎ᠠ ᠵᠢᠨ ᠮᠡᠳᠡᠭᠦᠯᠦᠯᠲᠡ ᠪᠠ ᠠᠷᠢᠭᠤᠨ ᠴᠢᠭᠴᠢ ᠵᠢᠨ ᠮᠡᠳᠡᠭᠦᠯᠦᠯᠲᠡ ᠪᠠ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠲᠤᠬᠠᠢ ᠮᠡᠳᠡᠬᠦᠯᠤᠯᠳᠡ ᠵᠢᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠬᠠᠷᠢᠶ᠎ᠠ 17 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠲᠤᠬᠠᠢ ᠵᠢᠨ ᠲᠠᠯᠠᠪᠤᠷ᠎ᠲᠤ ᠬᠠᠷᠢᠭᠤᠴᠠᠯᠭ᠎ᠠ ᠵᠢᠨ ᠮᠡᠳᠡᠭᠦᠯᠦᠯᠲᠡ ᠪᠠ ᠠᠷᠢᠭᠤᠨ ᠴᠢᠭᠴᠢ ᠵᠢᠨ ᠮᠡᠳᠡᠭᠦᠯᠦᠯᠲᠡ᠂ ᠨᠠᠮ᠎ᠤᠨ ᠪᠠᠢ᠌ᠭᠤᠯᠤᠯᠲᠠ ᠵᠢᠨ ᠲᠤᠬᠠᠢ ᠮᠡᠳᠡᠭᠦᠯᠦᠯᠲᠡ ᠬᠢᠵᠦ᠂ ᠭᠠᠵᠠᠷ ᠲᠠᠰᠤᠭ᠎ᠤᠨ 3 ᠬᠠᠷᠢᠭᠤᠴᠠᠯᠭ᠋ᠠᠲᠠᠨ ᠮᠡᠳᠡᠭᠦᠯᠦᠯᠲᠡ ᠬᠢᠵᠡᠢ᠃ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠣᠳᠤᠷᠢᠳᠤᠯᠭ᠎ᠠ ᠬᠤᠷᠠᠯ᠎ᠢ ᠡᠷᠬᠢᠯᠡᠵᠦ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠤᠭ ᠲᠥᠪᠯᠡᠷᠡᠩᠭᠦᠢ ᠦᠨᠡᠯᠡᠯᠲᠡ ᠬᠢᠭᠰᠡᠨ ᠪᠥᠭᠡᠳ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠲᠤᠬᠠᠢ ᠱᠠᠭ᠋ᠠᠷᠳᠠᠯᠭ᠎ᠠ ᠳᠤᠷᠠᠳᠴᠠᠢ᠃
     ᠬᠤᠷᠠᠯ᠎ᠠᠴᠠ ᠵᠢᠭ᠋ᠠᠬᠰᠠᠨ᠎ᠨᠢ᠂ 2022 ᠣᠨ᠎ᠳᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠡᠯ᠎ᠡ ᠨᠠᠮ᠎ᠤᠨ ᠡᠭᠦᠷ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ ᠵᠶ᠋ᠡᠨ ᠢᠳᠡᠪᠬᠢᠲᠡᠢ ᠪᠠᠳᠠᠷᠠᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ 《ᠲᠠᠪᠤᠨ ᠲᠠᠯ᠎ᠠ ᠵᠢᠨ ᠬᠠᠮᠵᠢᠯᠴᠠᠭ᠎ᠠ》 ᠵᠢ ᠭᠦᠨᠵᠡᠭᠡᠢ᠌ᠷᠡᠭᠦᠯᠵᠦ᠂ ᠦᠨᠳᠦᠰᠦᠨ ᠱᠠᠲᠤ ᠵᠢ ᠶᠡᠬᠡ᠎ᠪᠠᠷ ᠠᠳᠬᠤᠵᠤ᠂ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠎ᠢ ᠡᠭᠦᠳᠦᠨ ᠪᠠᠢ᠌ᠭᠤᠯᠬᠤ᠎ᠪᠠᠷ ᠪᠠᠷᠢᠴᠨ ᠪᠣᠯᠭ᠋ᠠᠵᠤ᠂ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠠᠭᠤᠷᠢ ᠵᠢ ᠲᠠᠰᠤᠷᠠᠯᠲᠠ ᠦᠭᠡᠢ ᠪᠠᠲᠤᠳᠬᠠᠵᠤ᠂ ᠨᠠᠮ᠎ᠤᠨ ᠪᠠᠢ᠌ᠭᠤᠯᠤᠯᠲᠠ ᠪᠣᠯᠣᠨ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠤᠯᠤᠰ ᠲᠦᠷᠦ ᠵᠢᠨ ᠴᠢᠳᠠᠮᠵᠢ᠂ ᠡᠩᠨᠡᠭᠡᠨ᠎ᠤ ᠪᠠᠢ᠌ᠭᠤᠯᠤᠯᠲᠠ᠂ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠂ ᠦᠢ᠍ᠯᠡᠳᠦᠯ᠎ᠢ ᠪᠠᠳᠠᠷᠠᠭᠤᠯᠬᠤ᠂ ᠤᠯᠠᠨ ᠲᠦᠮᠡᠨ᠎ᠤ ᠠᠵᠢᠯ ᠵᠡᠷᠭᠡ ᠡᠯ᠎ᠡ ᠲᠠᠯ᠎ᠠ ᠵᠢᠨ ᠶᠠᠰᠤ ᠴᠢᠨᠠᠷ᠎ᠤᠨ ᠳᠡᠭᠡᠭᠰᠢᠯᠡᠯᠲᠡ ᠵᠢ ᠪᠡᠶᠡᠯᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠤᠯᠤᠰ ᠲᠦᠷᠦ ᠵᠢᠨ ᠪᠠᠲᠤᠯᠠᠭ᠎ᠠ ᠬᠠᠩᠭ᠋ᠠᠵᠠᠢ᠃
     ᠬᠤᠷᠠᠯ᠎ᠠᠴᠠ  ᠱᠠᠭ᠋ᠠᠷᠳᠠᠬᠰᠠᠨ᠎ᠨᠢ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠷᠭᠦᠯᠵᠢᠯᠡᠨ ᠵᠢᠯᠣᠭᠣᠳᠤᠯᠭ᠎ᠠ ᠪᠣᠯᠭ᠋ᠠᠵᠤ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠠᠵᠢᠯ᠎ᠤᠨ ᠰᠠᠭᠤᠷᠢ ᠵᠢ ᠪᠡᠬᠢᠵᠢᠭᠦᠯᠵᠦ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠨᠢᠭᠡ᠎ᠳᠤ᠂ ᠤᠯᠤᠰ ᠲᠦᠷᠦ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠲᠠᠭ᠋ᠠᠭᠤᠯᠵᠤ ᠪᠠᠢ᠌ᠭ᠋ᠠᠳ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠳᠦᠷᠢᠮ᠎ᠢ ᠴᠢᠩᠳᠠᠯᠠᠵᠤ᠂ ᠤᠬᠠᠮᠰᠠᠷ᠎ᠠᠴᠠ᠎ᠪᠠᠨ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ 《ᠦᠷ᠎ᠡ ᠪᠦᠲᠦᠮᠵᠢ ᠵᠢ ᠳᠡᠭᠡᠭᠰᠢᠯᠡᠭᠦᠯᠦᠨ ᠨᠠᠢ᠌ᠳᠠᠪᠤᠷᠢᠵᠢᠭᠤᠯᠤᠯᠲᠠ ᠵᠢ ᠠᠳᠬᠤᠵᠤ ᠳᠦᠷᠢ ᠲᠥᠷᠬᠦ ᠵᠢ ᠪᠣᠶ ᠪᠣᠯᠭ᠋ᠠᠬᠤ》 ᠲᠤᠰᠬᠠᠢ ᠠᠵᠢᠯᠯᠠᠭ᠎ᠠ ᠵᠢ ᠯᠠᠪᠳᠠᠭᠤᠨ ᠥᠷᠨᠢᠭᠦᠯᠵᠦ᠂ 《ᠤᠮᠠᠷᠠᠲᠤ ᠬᠢᠯᠢ ᠵᠢᠨ ᠵᠢᠱ᠌ᠢᠶᠡᠴᠢ ᠪᠠᠢ᠌ᠭᠤᠯᠭ᠎ᠠ》 ᠵᠢ ᠴᠢᠷᠮᠠᠢ᠌ᠨ ᠴᠣᠭᠴᠠᠯᠠᠨ᠎ᠠ᠃ ᠬᠣᠶᠠᠷ᠎ᠲᠤ᠂ ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠰᠠᠢ᠌ᠲᠤᠷ ᠬᠢᠵᠦ᠂ ᠨᠠᠮ᠎ᠤᠨ ᠡᠭᠦᠷ᠎ᠤᠨ ᠰᠤᠷᠤᠯᠴᠠᠬᠤ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠨᠠᠮ᠎ᠤᠨ ᠡᠭᠦᠷ᠎ᠤᠨ ᠰᠤᠷᠤᠯᠴᠠᠬᠤ ᠠᠭᠤᠯᠭ᠎ᠠ ᠵᠢ ᠪᠠᠶᠠᠯᠢᠭᠵᠢᠭᠤᠯᠵᠤ᠂ 《ᠨᠢᠭᠡ ᠰᠠᠯᠠᠭ᠎ᠠ ᠬᠡᠯᠲᠡᠰ ᠨᠢᠭᠡ ᠲᠥᠯᠥᠪᠯᠡᠭᠡ᠎ᠲᠠᠢ ᠪᠠᠢ᠌ᠬᠤ》 ᠰᠤᠷᠤᠯᠴᠠᠬᠤ ᠠᠵᠢᠯᠯᠠᠭ᠎ᠠ ᠵᠢ ᠥᠷᠨᠢᠭᠦᠯᠬᠦ ᠬᠡᠷᠡᠭᠲᠡᠢ᠃ 《ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ ᠪᠠ ᠰᠦᠯᠵᠢᠶᠡᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠨᠠᠷᠢᠨ ᠲᠠᠩᠰᠠ》 ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠡᠭᠭ᠋ᠠᠳᠬᠠᠬᠤ ᠬᠡᠷᠡᠭᠳᠡᠢ᠃ ᠭᠤᠷᠪᠠ᠎ᠳᠤ᠂ ᠦᠨᠳᠦᠰᠦᠨ ᠱᠠᠲᠤᠨ᠎ᠤ ᠠᠵᠢᠯ᠎ᠤᠨ ᠰᠠᠭᠤᠷᠢ ᠵᠢ ᠪᠠᠲᠤᠳᠬᠠᠵᠤ᠂ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠎ᠢ ᠡᠭᠦᠳᠦᠨ ᠪᠠᠢ᠌ᠭᠤᠯᠬᠤ ᠠᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠡᠯ᠎ᠡ ᠵᠦᠢ᠍ᠯ᠎ᠤᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠳᠦᠷᠢᠮ᠎ᠢ ᠴᠢᠩᠳᠠᠯᠠᠵᠤ᠂ ᠨᠠᠮ᠎ᠤᠨ ᠠᠵᠢᠯ᠎ᠤᠨ ᠺᠠᠳ᠋ᠷ᠎ᠤᠨ ᠪᠣᠯᠪᠠᠰᠤᠷᠠᠯ ᠰᠤᠷᠤᠯᠴᠠᠯᠭ᠎ᠠ ᠵᠢ ᠴᠢᠩᠭ᠋ᠠᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠦᠴᠦᠯᠡᠵᠦ᠂ ᠨᠠᠮ᠎ᠤᠨ ᠪᠠᠢ᠌ᠭᠤᠯᠤᠯᠲᠠ ᠵᠢᠨ ᠲᠤᠬᠠᠢ᠌ᠯᠠᠭᠰᠠᠨ ᠠᠵᠢᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠂ ᠨᠠᠮ᠎ᠤᠨ ᠡᠭᠦᠷ᠎ᠤᠨ ᠠᠵᠢᠯ᠎ᠤᠨ ᠠᠷᠭ᠎ᠠ ᠵᠢᠨ ᠰᠢᠨ᠎ᠡ ᠵᠢ ᠡᠭᠦᠳᠬᠦ ᠵᠢ ᠰᠦᠪᠡᠭᠴᠢᠯᠡᠵᠦ᠂ ᠪᠠᠢ᠌ᠭᠤᠯᠭ᠎ᠠ ᠵᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠪᠦᠬᠦ ᠲᠠᠯ᠎ᠠ᠎ᠪᠠᠷ ᠳᠠᠪᠰᠢᠵᠤ ᠪᠦᠬᠦ ᠲᠠᠯ᠎ᠠ᠎ᠪᠠᠷ ᠰᠢᠯᠭ᠋ᠠᠷᠠᠬᠤ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠳᠥᠷᠪᠡ᠎ᠳᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠬᠤ ᠵᠢ ᠴᠢᠬᠤᠯᠠᠴᠢᠯᠠᠵᠤ᠂ ᠪᠠᠢ᠌ᠭᠤᠯᠭ᠎ᠠ ᠵᠢᠨ ᠨᠢᠭᠡᠳᠦᠮᠡᠯ ᠹᠷᠣᠨᠲ᠂ ᠤᠯᠠᠨ ᠲᠦᠮᠡᠨ᠎ᠤ ᠪᠦᠯᠬᠦᠮ᠎ᠤᠨ ᠠᠵᠢᠯ᠎ᠢ ᠯᠠᠪᠳᠠᠭᠤᠨ ᠠᠬᠢᠭᠤᠯᠵᠤ᠂ ᠵᠠᠯᠠᠭᠤ ᠺᠠᠳ᠋ᠷᠴᠤᠳ᠎ᠤᠨ ᠦᠵᠡᠯ ᠰᠠᠨᠠᠭ᠋ᠠᠨ᠎ᠤ ᠬᠡᠪ ᠴᠢᠨᠠᠷ᠎ᠢ ᠳᠡᠭᠡᠭᠰᠢᠯᠡᠭᠦᠯᠵᠦ᠂ ᠨᠠᠮ᠎ᠤᠨ ᠬᠠᠪᠰᠤᠷᠤᠭᠴᠢ ᠪᠠ ᠪᠡᠯᠡᠳᠬᠡᠯ ᠴᠡᠷᠢᠭ᠎ᠤᠨ ᠦᠢ᠍ᠯᠡᠳᠦᠯ᠎ᠢ ᠰᠠᠢ᠌ᠲᠤᠷ ᠪᠠᠳᠠᠷᠠᠭᠤᠯᠬᠤ ᠬᠡᠷᠡᠭᠲᠡᠢ᠃



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠡᠷᠳᠡᠬᠡᠨ ᠵᠠᠰᠠᠬᠤ ᠤᠷᠤᠨ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠢᠭᠦᠯᠡᠰᠦᠩᠭᠦᠢ ᠵᠢᠨ ᠦᠢ᠍ᠯᠡᠰ ᠪᠠ ᠨᠡᠢ᠌ᠬᠡᠮ᠎ᠤᠨ ᠨᠠᠮ᠎ᠤᠨ ᠡᠭᠦᠷ ᠎ᠤᠨ᠎ᠬᠢᠨ ᠨᠡᠢ᠌ᠬᠡᠮ᠎ᠤᠨ ᠠᠵᠢᠯ᠎ᠤᠨ ᠴᠢᠳᠠᠪᠦᠷᠢᠲᠡᠨ᠎ᠤ ᠦᠢ᠍ᠯᠡᠴᠢᠯᠡᠭᠡᠨ᠎ᠤ ᠲᠦᠪ᠎ᠤᠨ᠎ᠬᠢᠨ᠎ᠲᠠᠢ ᠬᠠᠮᠳᠤᠷᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠵᠢᠨ ᠰᠠᠢ᠌ᠨ ᠳᠤᠷᠠᠴᠤᠤᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠦᠷᠨᠢᠭᠦᠯᠪᠡ
《ᠦᠵᠡᠯ ᠰᠠᠨᠠᠭ᠎ᠠ ᠵᠢ ᠰᠤᠷᠤᠯᠴᠠᠵᠤ ᠨᠠᠮᠴᠢ ᠴᠢᠨᠠᠷ᠎ᠢ ᠴᠢᠩᠭ᠋ᠠᠳᠬᠠᠵᠤ ᠦᠢ᠍ᠯᠡᠳᠤᠯᠭᠡ ᠵᠢ ᠴᠢᠬᠤᠯᠠᠴᠢᠯᠠᠨ ᠰᠢᠨ᠎ᠡ ᠭᠠᠪᠢᠶ᠎ᠠ ᠪᠠᠢ᠌ᠭᠤᠯᠬᠤ》 ᠵᠢᠱ᠌ᠢᠶ᠎ᠡ ᠦᠵᠡᠬᠦᠯᠤᠨ ᠲᠠᠭ᠋ᠠᠭᠤᠯᠬᠤ ᠦᠢ᠍ᠯᠡᠳᠤᠯ᠎ᠢ ᠪᠠᠳᠠᠷᠠᠭᠤᠯᠵᠤ ᠤᠨᠤᠯ᠎ᠤᠨ ᠰᠤᠷᠤᠯᠴᠠᠯᠭ᠎ᠠ ᠵᠢ ᠲᠠᠰᠤᠷᠠᠯᠳᠠ ᠦᠭᠡᠢ ᠬᠦᠨᠵᠡᠭᠡᠢ᠌ᠷᠡᠬᠦᠯᠤᠨ ᠪᠤᠳᠠᠳᠠᠢ᠌ᠵᠢᠭᠤᠯᠬᠤ ᠵᠢ ᠦᠷᠬᠦᠯᠵᠢᠯᠠᠨ ᠠᠬᠢᠭᠤᠯᠤᠶ᠎ᠠ — ᠦᠪᠡᠷᠳᠡᠭᠡᠨ ᠵᠠᠰᠠᠬᠤ ᠤᠷᠤᠨ᠎ᠤ ᠠᠷᠠᠤᠨ ᠎ᠤᠨ ᠶᠠᠪᠤᠳᠠᠯ᠎ᠤᠨ ᠲᠢᠩᠭᠢᠮ᠎ᠤᠨ᠎ᠬᠢᠨ ᠭᠤᠤᠯ ᠰᠡᠳᠤᠪᠳᠤ ᠬᠦᠮᠤᠵᠢᠯ (ᠬᠤᠶᠠᠳᠤᠭ᠋ᠠᠷ ᠬᠤᠭᠤᠴᠠᠭ᠎ᠠ)᠎ᠤᠨ ᠲᠤᠰᠬᠠᠢ ᠰᠡᠳᠤᠪᠳᠤ ᠨᠤᠮ ᠤᠩᠰᠢᠬᠤ ᠠᠩᠭᠢ ᠡᠷᠭᠢᠯᠡᠪᠡ
ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠰᠠᠢ᠌ᠲᠤᠷ ᠠᠳᠬᠤᠵᠤ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠬᠤ ᠵᠢᠨ ᠲᠥᠯᠥᠭᠡ ᠰᠡᠳᠬᠢᠯ ᠬᠠᠮᠳᠤᠳᠬᠠᠨ ᠬᠦᠴᠦᠨ ᠵᠶ᠋ᠡᠨ ᠨᠢᠬᠳᠠᠷᠠᠭᠤᠯᠤᠶ᠎ᠠ — ᠨᠡᠢ᠌ᠭᠡᠮ᠎ᠤᠨ ᠶᠠᠪᠤᠳᠠᠯ᠎ᠤᠨ ᠭᠠᠵᠠᠷ᠂ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ᠎ᠬᠢᠨ ᠬᠥᠬᠡᠬᠣᠲᠠ ᠵᠢᠨ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ 《ᠰᠤᠨᠢᠷᠬᠠᠯᠳᠤ ᠲᠣᠭᠣᠭ᠋ᠠᠨ ᠭᠡᠷ》᠎ᠤᠨ ᠬᠢᠴᠢᠶᠡᠯ ᠬᠦᠷᠭᠡᠬᠦ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠤᠬᠠᠢ᠌ᠯᠠᠭᠰᠠᠨ ᠠᠵᠢᠯ᠎ᠤᠨ ᠬᠡᠷᠡᠭᠴᠡᠭᠡ ᠵᠢ ᠪᠠᠢ᠌ᠴᠠᠭ᠋ᠠᠨ ᠰᠤᠳᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠤᠯᠢ ᠵᠢᠨ ᠡᠷᠬᠡᠲᠡᠨ᠎ᠤ ᠬᠥᠮᠥᠷᠭᠡ ᠪᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠲᠤᠬᠠᠢ᠌ᠯᠠᠭᠰᠠᠨ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠪᠠᠢ᠌ᠴᠠᠭ᠋ᠠᠨ ᠰᠤᠳᠤᠯᠪᠠ
 
            