ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠡᠷᠳᠡᠬᠡᠨ ᠵᠠᠰᠠᠬᠤ ᠤᠷᠤᠨ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠢᠭᠦᠯᠡᠰᠦᠩᠭᠦᠢ ᠵᠢᠨ ᠦᠢ᠍ᠯᠡᠰ ᠪᠠ ᠨᠡᠢ᠌ᠬᠡᠮ᠎ᠤᠨ ᠨᠠᠮ᠎ᠤᠨ ᠡᠭᠦᠷ ᠎ᠤᠨ᠎ᠬᠢᠨ ᠨᠡᠢ᠌ᠬᠡᠮ᠎ᠤᠨ ᠠᠵᠢᠯ᠎ᠤᠨ ᠴᠢᠳᠠᠪᠦᠷᠢᠲᠡᠨ᠎ᠤ ᠦᠢ᠍ᠯᠡᠴᠢᠯᠡᠭᠡᠨ᠎ᠤ ᠲᠦᠪ᠎ᠤᠨ᠎ᠬᠢᠨ᠎ᠲᠠᠢ ᠬᠠᠮᠳᠤᠷᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠵᠢᠨ ᠰᠠᠢ᠌ᠨ ᠳᠤᠷᠠᠴᠤᠤᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄ 2023-05-21

    5 ᠳ᠋ᠤᠭ᠋ᠠᠷ ᠰᠠᠷ᠎ᠠ ᠪᠤᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠤᠬᠠᠭᠤᠯᠭ᠎ᠠ ᠵᠢᠨ ᠰᠠᠷ᠎ᠠ ᠪᠤᠯᠤᠨ᠎ᠠ ᠃ ᠦᠨᠳᠦᠰᠦᠲᠡᠨ᠎ᠨᠦᠭᠦᠳ ᠡᠪ ᠨᠠᠢ᠌ᠷᠠᠮᠳᠠᠭᠤ᠂ ᠨᠡᠢ᠌ᠭᠡᠮ᠎ᠤᠨ ᠡᠶ᠎ᠡ ᠵᠤᠬᠢᠴᠠᠩᠭᠤᠢ ᠪᠠᠢ᠌ᠳᠠᠯ᠎ᠢ  ᠤᠯᠠᠮ ᠴᠢᠡᠭᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠤᠯᠠᠮ ᠪᠠᠲᠤᠳᠬᠠᠬᠤ ᠵᠢᠨ ᠲᠦᠯᠦᠭᠡ ᠂ 5 ᠰᠠᠷ᠎ᠠ ᠵᠢᠨ 16᠎ᠤ ᠡᠳᠦᠷ᠂ ᠦᠪᠡᠷᠳᠡᠬᠡᠨ ᠵᠠᠰᠠᠬᠤ ᠤᠷᠤᠨ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠢᠭᠦᠯᠡᠰᠦᠩᠭᠦᠢ ᠵᠢᠨ ᠦᠢ᠍ᠯᠡᠰ ᠪᠠ  ᠨᠡᠢ᠌ᠬᠡᠮ᠎ᠤᠨ ᠨᠠᠮ᠎ᠤᠨ ᠡᠭᠦᠷ ᠎ᠤᠨ᠎ᠬᠢᠨ ᠨᠡᠢ᠌ᠬᠡᠮ᠎ᠤᠨ ᠠᠵᠢᠯ᠎ᠤᠨ ᠴᠢᠳᠠᠪᠦᠷᠢᠲᠡᠨ᠎ᠤ ᠦᠢ᠍ᠯᠡᠴᠢᠯᠡᠭᠡᠨ᠎ᠤ ᠲᠦᠪ᠎ᠤᠨ᠎ᠬᠢᠨ᠎ᠲᠠᠢ ᠬᠠᠮᠳᠤᠷᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠵᠢᠨ ᠰᠠᠢ᠌ᠨ ᠳᠤᠷᠠᠴᠤᠤᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠦᠷᠨᠢᠭᠦᠯᠪᠡ
     ᠨᠠᠮ᠎ᠤᠨ ᠭᠡᠰᠢᠭᠦᠨ ᠺᠠᠳ᠋ᠷᠴᠤᠳ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠵᠢᠨ ᠰᠠᠷ᠎ᠠ ᠪᠤᠯᠤᠨ 《ᠨᠠᠢ᠍ᠮᠨ ᠵᠢ ᠨᠡᠢ᠌ᠬᠡᠮ ᠲᠤᠭᠤᠷᠢᠭ᠎ᠲᠤ ᠤᠷᠤᠭᠤᠯᠬᠤ》 《ᠨᠠᠢ᠍ᠮᠠ ᠵᠢ ᠪᠦᠷᠢᠯᠳᠦᠭᠦᠯᠦᠭᠰᠡᠨ ᠨᠡᠢ᠌ᠭᠡᠮ ᠲᠤᠭᠤᠷᠢᠭ》᠎ᠤᠨ ᠬᠠᠮᠢᠶ᠎ᠠ ᠪᠦᠬᠦᠢ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠬᠦᠯᠦᠨ ᠪᠤᠢ᠌ᠷ ᠬᠤᠲᠠ ᠵᠢᠨ ᠬᠠᠢ᠌ᠯᠠᠷ ᠲᠤᠭᠤᠷᠢᠭ᠎ᠤᠨ ᠺᠤᠤᠱ᠌ᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠦᠷᠲᠡᠭᠡ᠂ ᠡᠸᠠᠩᠭᠢ ᠦᠨᠳᠦᠰᠦᠲᠡᠨ᠎ᠤ ᠪᠠᠶᠠᠨᠳᠤᠬᠤᠢ ᠪᠠᠯᠭ᠋ᠠᠰᠤᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠦᠷᠲᠡᠭᠡ ᠵᠡᠷᠭᠡ ᠦᠨᠳᠦᠰᠦᠨ ᠱᠠᠲᠤᠨ᠎ᠤ ᠨᠡᠢ᠌ᠭᠡᠮ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠨᠠᠮ᠎ᠤᠨ ᠦᠨᠳᠦᠰᠦᠲᠡᠨ᠎ᠤ  ᠲᠦᠷᠦ ᠵᠢᠨ ᠪᠤᠳᠤᠯᠭ᠎ᠠ ᠵᠢ  ᠤᠬᠠᠭᠤᠯᠤᠨ ᠲᠠᠢ᠌ᠯᠪᠤᠷᠢᠯᠠᠵᠤ᠂ 《  ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ  ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠦᠷᠢᠮ》 ᠪᠤᠯᠤᠨ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠠᠢ᠌ᠨ  ᠳᠤᠷᠠᠴᠤᠤᠯ᠎ᠤᠨ ᠦᠢ᠍ᠯᠡᠴᠢᠯᠡᠭᠡᠨ᠎ᠤ ᠳᠦᠷᠢᠮ》᠎ᠤᠨ ᠭᠠᠷ ᠠᠪᠤᠯᠭ᠎ᠠ ᠵᠢ ᠬᠦᠷᠬᠡᠬᠦ ᠵᠢᠨ ᠬᠠᠮᠳᠤ ᠦᠷᠲᠡᠭᠡᠨ᠎ᠳᠤ  ᠠᠵᠢᠯᠯᠠᠵᠤ ᠪᠠᠢ᠌ᠭ᠎ᠠ ᠠᠵᠢᠯᠲᠠᠨ᠎ᠢ ᠨᠡᠢ᠌ᠭᠡᠮ ᠲᠤᠭᠤᠷᠢᠭ᠎ᠲᠠᠢ ᠨᠢᠭᠲᠠ  ᠬᠠᠮᠵᠢᠯᠴᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠵᠢᠨ ᠠᠵᠢᠯ᠎ᠢ ᠬᠠᠮᠲᠤ᠎ᠪᠠᠷ ᠰᠠᠢ᠌ᠲᠤᠷ ᠬᠢᠬᠦ᠎ᠳᠤ ᠬᠤᠪᠢ ᠨᠡᠮᠡᠷᠢ ᠦᠵᠡᠭᠦᠯᠬᠦ ᠵᠢᠨ ᠬᠠᠮᠲᠤ 《ᠨᠡᠢ᠌ᠭᠡᠮ᠎ᠤᠨ  ᠠᠵᠢᠯᠲᠠᠨ +  ᠰᠠᠢ᠌ᠨ ᠲᠤᠷᠠᠴᠤᠤᠯ》᠎ᠤᠨ ᠠᠵᠢᠯ᠎ᠤᠨ ᠵᠠᠭᠪᠤᠷ ᠵᠢᠨ ᠰᠢᠨ᠎ᠡ ᠵᠢ ᠡᠬᠦᠳᠬᠦ ᠵᠢ ᠰᠦᠪᠡᠭᠴᠢᠯᠡᠵᠤ ᠡᠭᠦᠳᠴᠦ᠂ 《ᠲᠠᠪᠤᠨ ᠨᠡᠢ᠌ᠭᠡᠮ ᠬᠤᠯᠪᠤᠭ᠋ᠠᠯᠠᠨ ᠬᠦᠳᠡᠯᠦᠯᠴᠡᠬᠦ》   ᠲᠤᠭᠲᠠᠴᠠ  ᠪᠤᠯᠤᠨ ᠦᠨᠳᠦᠰᠦᠨ ᠱᠠᠲᠤᠨ᠎ᠤ  ᠨᠡᠢ᠌ᠭᠡᠮ᠎ᠤᠨ ᠵᠠᠰᠠᠯᠲᠠ ᠵᠢᠨ ᠬᠦᠭᠵᠢᠯᠲᠡ ᠵᠢ ᠠᠬᠢᠭᠤᠯᠬᠤ ᠵᠢ ᠵᠤᠷᠢᠬ᠍ᠵᠢᠭᠤᠯᠪᠠ᠃
     ᠲᠤᠰ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠎ᠨᠢ ᠲᠦᠷᠦ ᠵᠢᠨ ᠪᠤᠳᠤᠯᠭ᠎ᠠ ᠵᠢ ᠨᠡᠢ᠌ᠭᠡᠮ ᠲᠤᠭᠤᠷᠢᠭ᠎ᠲᠤ ᠬᠦᠷᠭᠡᠬᠦ ᠠᠷᠭ᠎ᠠ᠎ᠪᠠᠷ ᠦᠨᠳᠦᠰᠦᠲᠡᠨ᠎ᠤ ᠪᠦᠯᠬᠦᠮᠳᠡᠯ᠎ᠤᠨ ᠭᠤᠤᠯ ᠰᠡᠳᠦᠪ᠎ᠲᠤ ᠠᠩᠬᠠᠷᠤᠯ ᠵᠶ᠋ᠠᠨ ᠲᠦᠪᠯᠡᠷᠡᠭᠦᠯᠵᠦ᠂ ᠠᠵᠢᠯ᠎ᠤᠨ ᠪᠤᠳᠠᠲᠤ ᠪᠠᠢ᠌ᠳᠠᠯ᠎ᠲᠠᠢ᠎ᠪᠠᠨ ᠨᠢᠭᠲᠠ  ᠤᠶᠠᠯᠳᠤᠭᠤᠯᠤᠨ᠂ ᠠᠵᠢᠯᠯᠠᠭ᠋ᠠᠨ᠎ᠤ ᠰᠠᠢ᠌ᠨ  ᠦᠷ᠎ᠡ ᠪᠦᠲᠦᠮᠵᠢ ᠤᠯᠵᠤ᠂ ᠨᠡᠢ᠌ᠭᠡᠮ ᠲᠤᠭᠤᠷᠢᠭ᠎ᠤᠨ ᠺᠠᠳ᠋ᠷ ᠪᠤᠯᠤᠨ ᠦᠨᠳᠦᠰᠦᠨ ᠱᠠᠲᠤᠨ᠎ᠤ ᠨᠡᠢ᠌ᠭᠡᠮ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠰᠠᠢ᠌ᠨ ᠦᠨᠡᠯᠡᠯᠲᠡ ᠵᠢ ᠤᠯᠤᠭᠰᠠᠨ ᠪᠠᠢ᠌ᠨ᠎ᠠ᠃





 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠦᠵᠡᠯ ᠰᠠᠨᠠᠭ᠎ᠠ ᠵᠢ ᠰᠤᠷᠤᠯᠴᠠᠵᠤ ᠨᠠᠮᠴᠢ ᠴᠢᠨᠠᠷ᠎ᠢ ᠴᠢᠩᠭ᠋ᠠᠳᠬᠠᠵᠤ ᠦᠢ᠍ᠯᠡᠳᠤᠯᠭᠡ ᠵᠢ ᠴᠢᠬᠤᠯᠠᠴᠢᠯᠠᠨ ᠰᠢᠨ᠎ᠡ ᠭᠠᠪᠢᠶ᠎ᠠ ᠪᠠᠢ᠌ᠭᠤᠯᠬᠤ》 ᠵᠢᠱ᠌ᠢᠶ᠎ᠡ ᠦᠵᠡᠬᠦᠯᠤᠨ ᠲᠠᠭ᠋ᠠᠭᠤᠯᠬᠤ ᠦᠢ᠍ᠯᠡᠳᠤᠯ᠎ᠢ ᠪᠠᠳᠠᠷᠠᠭᠤᠯᠵᠤ ᠤᠨᠤᠯ᠎ᠤᠨ ᠰᠤᠷᠤᠯᠴᠠᠯᠭ᠎ᠠ ᠵᠢ ᠲᠠᠰᠤᠷᠠᠯᠳᠠ ᠦᠭᠡᠢ ᠬᠦᠨᠵᠡᠭᠡᠢ᠌ᠷᠡᠬᠦᠯᠤᠨ ᠪᠤᠳᠠᠳᠠᠢ᠌ᠵᠢᠭᠤᠯᠬᠤ ᠵᠢ ᠦᠷᠬᠦᠯᠵᠢᠯᠠᠨ ᠠᠬᠢᠭᠤᠯᠤᠶ᠎ᠠ — ᠦᠪᠡᠷᠳᠡᠭᠡᠨ ᠵᠠᠰᠠᠬᠤ ᠤᠷᠤᠨ᠎ᠤ ᠠᠷᠠᠤᠨ ᠎ᠤᠨ ᠶᠠᠪᠤᠳᠠᠯ᠎ᠤᠨ ᠲᠢᠩᠭᠢᠮ᠎ᠤᠨ᠎ᠬᠢᠨ ᠭᠤᠤᠯ ᠰᠡᠳᠤᠪᠳᠤ ᠬᠦᠮᠤᠵᠢᠯ (ᠬᠤᠶᠠᠳᠤᠭ᠋ᠠᠷ ᠬᠤᠭᠤᠴᠠᠭ᠎ᠠ)᠎ᠤᠨ ᠲᠤᠰᠬᠠᠢ ᠰᠡᠳᠤᠪᠳᠤ ᠨᠤᠮ ᠤᠩᠰᠢᠬᠤ ᠠᠩᠭᠢ ᠡᠷᠭᠢᠯᠡᠪᠡ
ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠰᠠᠢ᠌ᠲᠤᠷ ᠠᠳᠬᠤᠵᠤ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠬᠤ ᠵᠢᠨ ᠲᠥᠯᠥᠭᠡ ᠰᠡᠳᠬᠢᠯ ᠬᠠᠮᠳᠤᠳᠬᠠᠨ ᠬᠦᠴᠦᠨ ᠵᠶ᠋ᠡᠨ ᠨᠢᠬᠳᠠᠷᠠᠭᠤᠯᠤᠶ᠎ᠠ — ᠨᠡᠢ᠌ᠭᠡᠮ᠎ᠤᠨ ᠶᠠᠪᠤᠳᠠᠯ᠎ᠤᠨ ᠭᠠᠵᠠᠷ᠂ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ᠎ᠬᠢᠨ ᠬᠥᠬᠡᠬᠣᠲᠠ ᠵᠢᠨ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ 《ᠰᠤᠨᠢᠷᠬᠠᠯᠳᠤ ᠲᠣᠭᠣᠭ᠋ᠠᠨ ᠭᠡᠷ》᠎ᠤᠨ ᠬᠢᠴᠢᠶᠡᠯ ᠬᠦᠷᠭᠡᠬᠦ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠤᠬᠠᠢ᠌ᠯᠠᠭᠰᠠᠨ ᠠᠵᠢᠯ᠎ᠤᠨ ᠬᠡᠷᠡᠭᠴᠡᠭᠡ ᠵᠢ ᠪᠠᠢ᠌ᠴᠠᠭ᠋ᠠᠨ ᠰᠤᠳᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠤᠯᠢ ᠵᠢᠨ ᠡᠷᠬᠡᠲᠡᠨ᠎ᠤ ᠬᠥᠮᠥᠷᠭᠡ ᠪᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠲᠤᠬᠠᠢ᠌ᠯᠠᠭᠰᠠᠨ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠬᠰᠠᠨ ᠪᠠᠢ᠌ᠳᠠᠯ᠎ᠢ 《ᠡᠷᠬᠢᠵᠤ ᠬᠠᠷᠠᠬᠤ》 ᠠᠵᠢᠯ᠎ᠢ ᠥᠷᠨᠢᠭᠦᠯᠪᠡ
 
            