《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠠᠵᠢᠯ᠎ᠢ ᠠᠬᠢᠭᠤᠯᠵᠤ᠂ ᠡᠯ᠎ᠡ ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠤᠨ ᠴᠢᠳᠠᠮᠵᠢ ᠵᠢ ᠲᠡᠭᠦᠯᠳᠡᠷᠵᠢᠭᠦᠯᠬᠦ ᠵᠢᠨ ᠲᠦᠯᠤᠬᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 5 ᠳ᠋ᠤᠭ᠋ᠠᠷ ᠰᠠᠷ᠎ᠠ ᠵᠢᠨ 18᠎ᠤ ᠡᠳᠦᠷ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠤᠬᠠᠢ᠌ᠯᠠᠭᠰᠠᠨ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠪᠠᠢ᠌ᠴᠠᠭ᠋ᠠᠨ ᠰᠤᠳᠤᠯᠬᠤ ᠶᠠᠷᠢᠯᠴᠠᠬᠤ ᠬᠤᠷᠠᠯ ᠥᠷᠨᠢᠭᠦᠯᠪᠡ᠃

ᠶᠠᠷᠢᠯᠴᠠᠬᠤ ᠬᠤᠷᠠᠯ ᠲᠡᠬᠡᠷ᠎ᠡ ᠵᠢᠷᠤᠭ ᠲᠥᠯᠥᠪᠯᠡᠭᠡ ᠵᠢᠨ ᠠᠵᠢᠯᠲᠠᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠵᠢᠷᠤᠭ ᠲᠥᠯᠥᠪᠯᠡᠭᠡ ᠵᠢᠨ ᠲᠥᠰᠥᠯ᠎ᠢ ᠲᠠᠨᠢᠯᠴᠠᠭᠤᠯᠵᠤ᠂ ᠪᠥᠬᠥ ᠤᠯᠤᠰ᠎ᠤᠨ ᠰᠢᠯᠢᠳᠡᠭ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠦᠵᠡᠭᠦᠯᠵᠦ᠂ ᠬᠤᠷᠠᠯ᠎ᠳᠤ ᠣᠷᠣᠯᠴᠠᠭᠰᠠᠳ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠲᠥᠰᠥᠯ᠎ᠳᠤ ᠴᠢᠭᠯᠡᠭᠦᠯᠦᠨ ᠬᠡᠷᠡᠭᠴᠡᠭᠡ ᠱᠠᠭ᠋ᠠᠷᠳᠠᠯᠭ᠎ᠠ ᠵᠢᠨ ᠲᠤᠬᠠᠢ ᠰᠤᠳᠤᠯᠤᠨ ᠶᠠᠷᠢᠯᠴᠠᠵᠤ᠂ ᠣᠲᠣ ᠵᠢᠨ ᠪᠠᠢ᠌ᠭ᠎ᠠ ᠰᠢᠰᠲ᠋ᠧᠮ᠎ᠳᠤ ᠣᠷᠣᠰᠢᠵᠤ ᠪᠠᠢ᠌ᠭ᠎ᠠ ᠠᠰᠠᠭᠤᠳᠠᠯ᠂ ᠭᠣᠣᠯ ᠪᠣᠯᠬᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠠᠭᠪᠤᠷ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠡᠵᠡᠩᠨᠡᠯᠲᠡ ᠵᠢᠨ ᠬᠢᠨᠠᠯᠲᠠ ᠬᠠᠮᠢᠶᠠᠷᠤᠯᠲᠠ ᠪᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠦᠷᠢᠶᠡᠴᠢᠯᠡᠭᠰᠡᠨ ᠣᠨᠴᠠᠯᠢᠭ ᠵᠡᠷᠭᠡ ᠲᠠᠯ᠎ᠠ᠎ᠪᠠᠷ ᠭᠦᠨᠵᠡᠭᠡᠢ ᠰᠣᠯᠢᠯᠴᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ᠎ᠤᠨ 9 ᠬᠡᠯᠲᠡᠰ᠂ ᠬᠤᠸᠠ ᠰᠢᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠤᠨ ᠠᠵᠢᠯᠲᠠᠨ᠂ ᠬᠡᠰᠡᠭ ᠠᠢ᠌ᠮᠠᠭ ᠬᠣᠲᠠ᠂ ᠬᠣᠰᠢᠭᠤ ᠰᠢᠶᠠᠨ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠠᠯᠠᠭ᠋ᠠᠨ᠎ᠤ ᠠᠵᠢᠯᠲᠠᠨ ᠶᠠᠷᠢᠯᠴᠠᠬᠤ ᠬᠤᠷᠠᠯ᠎ᠳᠤ ᠤᠷᠤᠯᠴᠠᠬᠰᠠᠨ ᠪᠠᠢ᠌ᠨ᠎ᠠ᠃