ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠬᠥᠩ ᠸᠧᠢ ᠴᠦᠨ5 ᠳ᠋ᠤᠭ᠋ᠠᠷ ᠰᠠᠷ᠎ᠠ ᠵᠢᠨ 23᠎ᠤ ᠡᠳᠦᠷ᠎ᠤᠨ ᠦᠳᠡ ᠵᠢᠨ ᠬᠣᠢ᠌ᠨ᠎ᠠ ᠪᠦᠯᠬᠦᠮ ᠳᠠᠭ᠋ᠠᠭᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨᠤᠬᠢᠨᠤ ᠬᠣᠯᠪᠣᠭ᠋ᠠᠲᠤ ᠬᠤᠷᠠᠯ᠎ᠳᠤ ᠬᠦᠷᠴᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠤᠬᠰᠠᠨ ᠪᠠᠢ᠌ᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠢᠨ᠎ᠤ ᠬᠣᠯᠪᠣᠭ᠋ᠠᠲᠤ ᠬᠤᠷᠠᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠦᠨᠡᠨᠴᠢ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠨᠠᠷᠢᠨ ᠪᠢᠴᠢᠭ᠎ᠤᠨ ᠳᠠᠷᠤᠭ᠎ᠠ ᠵᠠᠩ ᠵᠥᠩ ᠯᠢᠶᠠᠩ ᠬᠠᠮᠳᠤ ᠪᠠᠢ᠌ᠴᠠᠭ᠋ᠠᠨ ᠰᠤᠳᠤᠯᠪᠠ᠃

ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠢᠨ᠎ᠤ ᠬᠣᠯᠪᠣᠭ᠋ᠠᠲᠤ ᠬᠤᠷᠠᠯ᠎ᠳᠤ ᠬᠠᠷᠢᠶᠠᠯᠠᠭᠳᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠵᠤ᠂ ᠬᠣᠶᠠᠷ ᠲᠠᠯ᠎ᠠ᠎ᠪᠠᠷ ᠵᠶ᠋ᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠢ ᠶᠠᠷᠢᠯᠴᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ ᠲᠦᠷᠦᠯ᠎ᠤᠨ ᠨᠠᠮ᠎ᠤᠨ ᠬᠣᠷᠢᠶ᠎ᠠ ᠵᠢᠨ ᠪᠠᠢ᠌ᠭᠤᠯᠤᠯᠲᠠ᠂ ᠬᠠᠮᠲᠤᠷᠠᠨ ᠬᠢᠨᠠᠨ ᠬᠠᠮᠢᠶᠠᠷᠬᠤ᠂ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠵᠢᠨ ᠲᠣᠭᠣᠷᠢᠨ᠎ᠳᠤ ᠰᠠᠨᠠᠯ ᠵᠶ᠋ᠠᠨ ᠰᠤᠯᠢᠯᠴᠠᠯ᠎ᠠ᠃
ᠬᠥᠩ ᠸᠧᠢ ᠴᠦᠨ ᠬᠡᠯᠡᠭᠰᠡᠨ᠎ᠨᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨᠤᠬᠢᠨᠤ ᠬᠣᠯᠪᠣᠭ᠋ᠠᠲᠤ ᠬᠤᠷᠠᠯ᠎ᠨᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠬᠠᠢ᠌ᠯᠠᠭᠰᠠᠨ ᠠᠵᠢᠯ᠎ᠤᠨ ᠴᠢᠬᠤᠯᠠ ᠡᠷᠭᠢᠯᠡᠨ ᠬᠠᠮᠢᠶᠠᠷᠬᠤ ᠨᠢᠭᠡᠴᠢ ᠪᠣᠯᠤᠭᠰᠠᠨ᠎ᠤ ᠬᠤᠪᠢ᠎ᠳᠤ ᠬᠠᠷᠢᠶᠠᠯᠠᠭᠳᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠥᠷᠥᠯ ᠵᠦᠢ᠍ᠯ ᠣᠯᠠᠨ᠂ ᠲᠣᠭ᠎ᠠ ᠣᠯᠠᠨ᠂ ᠨᠥᠯᠥᠭᠡᠯᠡᠬᠦ ᠬᠡᠪᠴᠢᠶ᠎ᠡ ᠥᠷᠭᠡᠨ ᠪᠤᠯᠬᠤᠷ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠵᠥᠪ ᠴᠢᠭᠯᠡᠯ᠎ᠢ ᠦᠨᠡᠨ ᠬᠦ᠌ ᠪᠠᠲᠤᠯᠠᠬᠤ ᠵᠢ ᠬᠦᠰᠡᠵᠦ ᠪᠠᠢ᠌ᠨ᠎ᠠ᠃ ᠳᠠᠪᠬᠤᠷ ᠬᠠᠮᠢᠶᠠᠷᠤᠯᠲᠠ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠵᠤ᠂ ᠬᠠᠷᠢᠴᠠᠭ᠎ᠠ᠎ᠪᠠᠨ ᠰᠠᠯᠭ᠋ᠠᠬᠤ ᠦᠭᠡᠢ᠂ ᠳᠡᠮᠵᠢᠯᠭᠡ᠎ᠪᠠᠨ ᠰᠠᠯᠭ᠋ᠠᠬᠤ ᠦᠭᠡᠢ᠂ ᠬᠢᠨᠠᠯᠲᠠ ᠬᠠᠮᠢᠶᠠᠷᠤᠯᠲᠠ᠎ᠪᠠᠨ ᠰᠠᠯᠭ᠋ᠠᠬᠤ ᠦᠭᠡᠢ᠂ ᠦᠢ᠍ᠯᠡᠴᠢᠯᠡᠭᠡ᠎ᠪᠠᠨ ᠰᠠᠯᠭ᠋ᠠᠬᠤ ᠦᠭᠡᠢ ᠪᠠᠢ᠌ᠬᠤ ᠵᠢ ᠪᠡᠶᠡᠯᠡᠭᠦᠯᠵᠦ᠂ ᠠᠵᠢᠯ᠎ᠤᠨ ᠬᠠᠮ ᠬᠦᠴᠦᠨ᠎ᠢ ᠦᠨᠡᠨ ᠬᠦ᠌ ᠪᠦᠷᠢᠯᠳᠦᠭᠦᠯᠬᠦ ᠬᠡᠷᠡᠭᠲᠡᠢ᠃ ᠬᠢᠨᠠᠨ ᠬᠠᠮᠢᠶᠠᠷᠬᠤ ᠠᠵᠢᠯ᠎ᠢ ᠰᠠᠢ᠌ᠲᠤᠷ ᠠᠳᠬᠤᠵᠤ᠂ ᠪᠠᠢ᠌ᠭᠤᠯᠵᠤ ᠳᠠᠩᠰᠠᠯᠠᠬᠤ᠂ ᠣᠨ᠎ᠤ ᠪᠠᠢ᠌ᠴᠠᠭ᠋ᠠᠯᠲᠠ ᠬᠢᠬᠦ᠂ ᠵᠡᠷᠭᠡ ᠳᠡᠰ᠎ᠢ ᠦᠨᠡᠯᠡᠬᠦ ᠵᠢᠨ ᠤᠷᠢᠳᠠᠴᠢ ᠬᠢᠨᠠᠨ ᠪᠠᠢ᠌ᠴᠠᠭ᠋ᠠᠯᠲᠠ ᠵᠢ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠎ᠠ ᠥᠷᠨᠢᠭᠦᠯᠬᠦ᠂ ᠵᠠᠷᠤᠳᠠᠯ᠂ ᠮᠡᠳᠡᠭᠡ ᠵᠠᠩᠭᠢ ᠵᠢ ᠢᠯᠡᠵᠢᠬᠦᠯᠬᠦ ᠵᠡᠷᠭᠡ ᠵᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠢ ᠵᠢᠯᠤᠭᠣᠳᠴᠤ ᠪᠠᠢ᠌ᠭ᠋ᠠᠳ ᠵᠢᠷᠤᠮᠵᠢᠭᠤᠯᠤᠨ ᠡᠷᠬᠢᠯᠡᠬᠦ ᠥᠪᠡᠷ᠎ᠢ᠎ᠪᠠᠨ ᠱᠠᠭ᠋ᠠᠷᠳᠠᠨ ᠬᠥᠭᠵᠢᠭᠦᠯᠬᠦ ᠬᠡᠷᠡᠭᠲᠡᠢ᠃ ᠪᠣᠢ᠌ᠵᠢᠭᠤᠯᠤᠨ ᠲᠡᠳᠬᠦᠬᠦ ᠵᠢ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠬᠦ ᠵᠡᠷᠭᠡ ᠲᠥᠷᠥ ᠵᠢᠨ ᠪᠣᠳᠣᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠴᠤ ᠦᠭᠭᠦ ᠲᠥᠷᠥᠯ ᠵᠦᠢ᠍ᠯ᠎ᠲᠠᠢ ᠢᠳᠡᠪᠬᠢᠲᠡᠢ᠎ᠪᠠᠷ ᠵᠣᠯᠭ᠋ᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠡᠢ᠌ᠭᠡᠮ᠎ᠤᠨ ᠦᠢ᠍ᠯᠡᠴᠢᠯᠡᠭᠡ᠎ᠳᠤ ᠣᠷᠣᠯᠴᠠᠬᠤ ᠵᠢ ᠳᠡᠮᠵᠢᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠰᠤ ᠪᠦᠲᠦᠭᠡᠬᠦ ᠴᠢᠳᠠᠮᠵᠢ ᠵᠢ ᠴᠢᠩᠭ᠋ᠠᠷᠠᠭᠤᠯᠤᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠬᠥᠭᠵᠢᠭᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 《ᠳᠥᠷᠪᠡᠨ ᠦᠢ᠍ᠯᠡᠳᠦᠯ》᠎ᠢ ᠰᠠᠢ᠌ᠲᠤᠷ ᠪᠠᠳᠠᠷᠠᠭᠤᠯᠬᠤ ᠵᠢ ᠠᠬᠢᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ ᠵᠢᠨ ᠬᠥᠭᠵᠢᠯᠲᠡ ᠵᠢᠨ ᠰᠠᠢ᠌ᠨ ᠰᠢᠨ᠎ᠡ ᠬᠦᠴᠦᠨ ᠪᠣᠯᠬᠤ ᠬᠡᠷᠡᠭᠲᠡᠢ᠃