ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠠᠤᠯᠢ ᠴᠠᠭ᠋ᠠᠵᠠ ᠵᠢᠨ ᠲᠢᠩᠬᠢᠮ᠎ᠯᠤᠭ᠎ᠠ ᠴᠢᠮᠡᠬᠡ ᠵᠠᠡᠭᠭᠢ ᠵᠢᠨ ᠬᠤᠪᠢᠶᠠᠯᠴᠠᠭ᠎ᠠ᠎ᠪᠠᠨ ᠴᠢᠡᠭᠭ᠋ᠠᠳᠬᠠᠪᠠ
ᠨᠡᠶᠢᠲᠡᠯᠡᠭᠰᠡᠨ ᠴᠠᠭ᠄ 2023-05-26

     ᠰᠠᠯᠠᠭ᠎ᠠ ᠮᠥᠴᠢᠷ᠎ᠤᠨ ᠬᠣᠭᠣᠷᠣᠨᠳᠣᠬᠢ ᠣᠯᠠᠨ ᠲᠠᠰ ᠳᠠᠪᠬᠤᠷᠭ᠎ᠠ ᠵᠢᠨ ᠮᠡᠳᠡᠭᠡ ᠵᠠᠩᠭᠢ ᠵᠢ ᠬᠤᠪᠢᠶᠠᠯᠴᠠᠵᠤ᠂ ᠬᠠᠷᠢᠯᠴᠠᠨ ᠪᠠᠢ᠌ᠴᠠᠭ᠋ᠠᠵᠤ ᠬᠠᠮᠵᠢᠯᠴᠠᠬᠤ ᠵᠢ ᠭᠦᠨᠵᠡᠭᠡᠢ᠌ᠷᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠬᠠᠤᠯᠢ ᠴᠠᠭ᠋ᠠᠵᠠ ᠵᠢᠨ ᠲᠢᠩᠬᠢᠮ᠎ᠯᠤᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠂ ᠬᠠᠤᠯᠢ ᠴᠠᠭ᠋ᠠᠵᠠ ᠵᠢᠨ ᠬᠦᠷᠢᠶ᠎ᠡ ᠴᠠᠷᠠᠭ᠎ᠠ᠎ᠳᠤ᠎ᠬᠢ ᠴᠢᠮᠡᠬᠡ ᠵᠠᠩᠭᠢ᠎ᠪᠠᠨ ᠬᠤᠪᠢᠶᠠᠯᠴᠠᠵᠤ ᠬᠠᠷᠢᠯᠴᠠᠨ ᠪᠠᠢ᠌ᠴᠠᠭ᠋ᠠᠬᠤ ᠠᠷᠭ᠎ᠠ》᠎ᠳᠤ ᠵᠠᠰᠠᠪᠤᠷᠢ ᠣᠷᠣᠭᠤᠯᠪᠠ᠃
     ᠭᠤᠤᠯᠳᠠᠭᠤ ᠲᠠᠷᠠᠭ᠋ᠠᠬᠢ ᠭᠤᠷᠪᠠᠨ ᠲᠠᠯ᠎ᠠ᠎ᠪᠠᠷ ᠵᠠᠰᠠᠪᠤᠷᠢ ᠣᠷᠣᠭᠤᠯᠪᠠ᠄ ᠨᠢᠭᠡ᠎ᠳᠤ᠂ ᠲᠣᠭ᠎ᠠ ᠪᠠᠷᠢᠮᠲᠠ ᠵᠢ ᠬᠤᠪᠢᠶᠠᠯᠴᠠᠬᠤ ᠰᠣᠯᠢᠯᠴᠠᠭ᠋ᠠᠨ᠎ᠤ ᠠᠷᠭ᠎ᠠ ᠵᠢ ᠰᠠᠢ᠌ᠵᠢᠷᠠᠭᠤᠯᠵᠤ᠂ ᠥᠩᠭᠡᠷᠡᠭᠰᠡᠨ᠎ᠳᠤ ᠭᠤᠤᠯᠳᠠᠭᠤ ᠭᠠᠷ ᠵᠶ᠋ᠠᠷ ᠬᠠᠷᠭᠤᠭᠤᠯᠵᠤ ᠪᠠᠢ᠌ᠬᠰᠠᠨ ᠵᠶ᠋ᠡᠨ ᠤᠳᠤ ᠡᠯᠧᠺᠲᠷᠣᠨ ᠵᠠᠰᠠᠭ᠎ᠤᠨ ᠶᠠᠪᠤᠳᠠᠯ᠎ᠤᠨ ᠭᠠᠳᠠᠨ᠎ᠠ ᠵᠢᠨ ᠰᠦᠯᠵᠢᠶ᠎ᠡ ᠵᠢᠨ ᠰᠣᠯᠢᠯᠴᠠᠭ᠎ᠠ ᠪᠣᠯᠭ᠋ᠠᠨ ᠨᠢᠬᠡᠳᠤᠯᠳᠡᠢ ᠬᠤᠪᠢᠷᠠᠭᠤᠯᠵᠤ᠂ ᠲᠣᠭ᠎ᠠ ᠪᠠᠷᠢᠮᠲᠠ ᠵᠢᠨ ᠰᠤᠯᠢᠯᠴᠠᠭ᠎ᠠ ᠵᠢᠨ ᠦᠷ᠎ᠡ ᠪᠦᠳᠤᠮᠵᠢ ᠵᠢ ᠳᠡᠭᠡᠭᠰᠢᠯᠡᠭᠦᠯᠪᠡ᠃ ᠬᠣᠶᠠᠷ᠎ᠲᠤ᠂ ᠲᠣᠭ᠎ᠠ ᠪᠠᠷᠢᠮᠲᠠ ᠵᠢᠨ ᠠᠭᠤᠯᠭ᠎ᠠ ᠵᠢ ᠪᠠᠶᠠᠯᠢᠭᠵᠢᠭᠤᠯᠵᠤ᠂ ᠨᠡᠢ᠌ᠭᠡᠮ᠎ᠤᠨ ᠲᠤᠰᠠᠯᠠᠮᠵᠢ ᠬᠦᠷᠳᠡᠭᠰᠡᠳ᠂ ᠬᠠᠤᠯᠢ ᠴᠠᠭ᠋ᠠᠵᠠ ᠵᠢᠨ ᠲᠤᠰᠠᠯᠠᠮᠵᠢ  ᠬᠦᠷᠳᠡᠭᠰᠡᠳ᠂ ᠨᠡᠢ᠌ᠭᠡᠮ ᠲᠣᠭᠣᠷᠢᠭ᠎ᠤᠨ ᠵᠠᠰᠠᠨ ᠵᠠᠯᠠᠷᠠᠭᠤᠯᠬᠤ ᠡᠲᠡᠭᠡᠳ᠂ ᠭᠢᠨᠳᠠᠨ᠎ᠳᠤ ᠡᠷᠡᠭᠦᠦ  ᠵᠢᠨ ᠰᠢᠢ᠍ᠳᠬᠡᠯ ᠭᠦᠢ᠍ᠴᠡᠳᠬᠡᠵᠦ ᠪᠠᠢ᠌ᠭ᠎ᠠ ᠬᠥᠮᠥᠰ᠂ ᠬᠣᠣᠷ ᠲᠠᠳᠠᠬᠤ ᠵᠢ᠎ᠨᠢ ᠵᠣᠭᠰᠤᠭ᠋ᠠᠬᠤ᠎ᠪᠠᠷ ᠠᠯᠪᠠᠳᠠᠯᠭ᠎ᠠ᠎ᠪᠠᠷ ᠲᠤᠰᠠᠭ᠋ᠠᠷᠯᠠᠵᠤ ᠪᠠᠢ᠌ᠭ᠎ᠠ ᠬᠥᠮᠥᠰ᠂ ᠲᠥᠪᠬᠢᠨᠡᠭᠦᠯᠵᠦ ᠰᠤᠷᠭ᠋ᠠᠨ ᠬᠦᠮᠤᠵᠢᠬᠦᠯᠬᠦ ᠬᠥᠮᠥᠰ᠎ᠤᠨ ᠮᠡᠳᠡᠭᠡ ᠵᠠᠩᠭᠢ ᠵᠢ ᠬᠤᠪᠢᠶᠠᠯᠴᠠᠵᠤ ᠬᠠᠷᠢᠯᠴᠠᠨ ᠪᠠᠢ᠌ᠴᠠᠭ᠋ᠠᠬᠤ ᠠᠵᠢᠯ᠎ᠢ ᠰᠢᠯᠢᠳᠡᠭᠵᠢᠬᠦᠯᠪᠡ᠃ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠬᠤ ᠪᠠ ᠪᠠᠢ᠌ᠡᠭᠭᠤ ᠲᠡᠳᠬᠦᠬᠦ ᠲᠣᠭᠲᠠᠴᠠ ᠵᠢ ᠰᠠᠢ᠌ᠲᠤᠷ ᠬᠢᠵᠦ᠂ ᠤᠯᠠᠨ ᠲᠦᠮᠡᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ ᠵᠢᠷᠤᠮ᠎ᠢ ᠳᠥᠭᠥᠮᠴᠢᠯᠡᠵᠦ᠂ ᠲᠣᠭ᠎ᠠ ᠪᠠᠷᠢᠮᠲᠠ ᠵᠢᠨ ᠴᠢᠳᠠᠪᠬᠢ ᠵᠢ ᠭᠦᠢ᠍ᠴᠡᠳ ᠪᠠᠳᠠᠷᠠᠭᠤᠯᠪᠠ᠃ ᠭᠤᠷᠪᠠ᠎ᠳᠤ᠂ ᠲᠣᠭ᠎ᠠ ᠪᠠᠷᠢᠮᠲᠠ ᠵᠢᠨ ᠬᠡᠷᠡᠭᠯᠡᠯᠲᠡ ᠵᠢᠨ ᠠᠶᠤᠯ ᠦᠬᠡᠢ ᠵᠢ ᠴᠢᠩᠭ᠋ᠠᠳᠬᠠᠵᠤ᠂ ᠬᠤᠪᠢ ᠬᠥᠮᠥᠨ᠎ᠤ ᠮᠡᠳᠡᠭᠡ ᠵᠠᠩᠭᠢ ᠵᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠠᠭ᠋ᠠᠯᠠᠬᠤ ᠵᠢ ᠱᠠᠭ᠋ᠠᠷᠳᠠᠵᠤ᠂ ᠬᠠᠷᠭᠤᠭᠤᠯᠬᠤ ᠡᠲᠡᠭᠡᠳ᠎ᠤᠨ ᠬᠤᠪᠢ ᠬᠥᠮᠥᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠪᠠ ᠬᠡᠷᠡᠭᠯᠡᠬᠦ᠎ᠳᠤ᠎ᠪᠠᠨ ᠬᠣᠯᠪᠣᠭᠳᠠᠯ ᠪᠦᠬᠦᠢ ᠳᠠᠩᠰᠠᠯᠠᠯᠲᠠ ᠵᠢᠨ ᠳᠦᠷᠢᠮ ᠪᠠ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠬᠣᠶᠠᠷ ᠲᠠᠯ᠎ᠠ᠎ᠪᠠᠷ ᠵᠶ᠋ᠠᠨ ᠴᠢᠩᠭ᠎ᠠ ᠬᠡᠷᠡᠭᠵᠢᠬᠦᠯᠬᠦ ᠪᠤᠯᠤᠨ᠎ᠠ᠃
     ᠬᠤᠶᠠᠷ ᠲᠠᠯ᠎ᠠ᠎ᠪᠠᠷ ᠵᠶ᠋ᠡᠨ ᠲᠠᠷᠠᠭ᠋ᠠᠴᠢ᠎ᠪᠠᠷ 《ᠴᠢᠮᠡᠬᠡ ᠵᠠᠩᠭᠢ᠎ᠪᠠᠨ ᠬᠤᠪᠢᠶᠠᠯᠴᠠᠵᠤ ᠬᠠᠷᠢᠯᠴᠠᠨ ᠪᠠᠢ᠌ᠴᠠᠭ᠋ᠠᠬᠤ ᠠᠷᠭ᠎ᠠ》 ᠵᠢᠨ ᠬᠠᠮᠢᠶ᠎ᠠ ᠪᠦᠬᠦᠢ ᠱᠠᠭ᠋ᠠᠷᠳᠠᠯᠭ᠎ᠠ᠎ᠪᠠᠷ ᠮᠠᠨ᠎ᠤ ᠤᠷᠤᠨ᠎ᠤ ᠠᠷᠠᠳ᠎ᠤᠨ ᠶᠠᠪᠤᠳᠠᠯ ᠪᠠ ᠬᠠᠤᠯᠢ ᠴᠠᠭ᠋ᠠᠵᠨ ᠵᠢᠨ ᠬᠦᠷᠢᠶ᠎ᠡ ᠴᠠᠷᠠᠭ᠎ᠠ᠎ᠳᠤ ᠠᠵᠢᠯ᠎ᠢ ᠪᠤᠳᠠᠳᠠᠢ᠌ᠵᠢᠭᠤᠯᠬᠤ ᠵᠢ ᠠᠬᠢᠭᠤᠯᠬᠤ ᠪᠤᠯᠤᠨ᠎ᠠ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 《ᠳᠠᠩᠰᠠᠯᠠᠬᠤ ᠪᠠ ᠬᠠᠮᠢᠶᠠᠷᠬᠤ ᠵᠢ ᠰᠠᠯᠭ᠋ᠠᠬᠤ》 ᠠᠵᠢᠯ᠎ᠢ ᠤᠯᠠᠮ ᠲᠦᠷᠢᠮᠵᠢᠬᠦᠯᠵᠤ ᠪᠠᠢ᠌ᠨ᠎ᠠ
ᠭᠣᠣᠯ ᠰᠡᠳᠦᠪᠲᠦ ᠬᠥᠮᠦᠵᠢᠯ ᠵᠶ᠋ᠡᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠬᠦᠳᠤᠯᠤᠨ ᠠᠬᠢᠭᠤᠯᠵᠤ ᠪᠠᠢ᠌ᠨ᠎ᠠ
ᠲᠢᠩᠬᠢᠮ᠎ᠤᠨ ᠳᠡᠳ᠋ ᠳᠠᠷᠤᠭ᠎ᠠ ᠬᠥᠩ ᠸᠧᠢ ᠴᠦᠨ ᠪᠦᠯᠬᠦᠮ ᠳᠠᠭ᠋ᠠᠭᠤᠯᠤᠨ ᠦᠬᠠᠢ ᠬᠣᠲᠠ᠂ ᠪᠠᠶᠠᠨᠨᠠᠭᠤᠷ ᠬᠣᠲᠠ᠂ ᠪᠤᠭᠤᠲᠤ ᠬᠣᠲᠠ᠎ᠳᠤ ᠬᠦᠷᠴᠦ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠮᠠᠨ᠎ᠤ ᠣᠷᠣᠨ 《ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠤᠯᠬᠤ ᠠᠵᠢᠯᠯᠠᠭ᠎ᠠ》 ᠵᠢᠨ ᠪᠠᠢ᠌ᠷᠢᠯᠠᠭᠤᠯᠤᠯᠲᠠ ᠵᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠵᠡᠮᠳᠡᠭᠷᠡᠬᠦ᠎ᠠᠴᠠ ᠰᠡᠷᠬᠡᠢ᠌ᠯᠡᠬᠦ ᠰᠠᠢ᠌ᠨ ᠲᠤᠷᠠᠴᠤᠤᠯ᠎ᠤᠨ ᠠᠵᠢᠯᠯᠠᠭ᠎ᠠ ᠦᠷᠨᠢᠬᠦᠯᠪᠡ
 
            