ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠪᠥᠬᠥ ᠣᠷᠣᠨ᠎ᠤ ᠨᠡᠢ᠌ᠭᠡᠮ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠲᠦᠪᠰᠢᠨ᠎ᠤ ᠰᠢᠯᠭ᠋ᠠᠯᠲᠠ᠎ᠠᠴᠠ ᠡᠮᠦᠨᠡᠬᠢ ᠵᠢᠱ᠌ᠢᠶ᠎ᠡ ᠦᠵᠡᠭᠦᠯᠬᠦ ᠪᠣᠯᠪᠠᠰᠤᠷᠠᠯ᠎ᠢ ᠬᠥᠬᠡᠬᠣᠲᠠ᠎ᠳᠤ ᠡᠷᠭᠢᠯᠡᠪᠡ
ᠨᠡᠶᠢᠲᠡᠯᠡᠭᠰᠡᠨ ᠴᠠᠭ᠄ 2023-05-26

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠨᠡᠢ᠌ᠭᠡᠮ᠎ᠤᠨ ᠠᠵᠢᠯ᠎ᠤᠨ ᠨᠡᠢ᠌ᠭᠡᠮᠯᠢᠭ᠎ᠤᠨ᠎ᠬᠢᠨ᠎ᠤ ᠬᠠᠮᠵᠢᠨ ᠡᠷᠭᠢᠯᠡᠭᠰᠡᠨ 2023 ᠣᠨ᠎ᠤ ᠪᠥᠬᠥ ᠣᠷᠣᠨ᠎ᠤ ᠨᠡᠢ᠌ᠭᠡᠮ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠲᠦᠪᠰᠢᠨ᠎ᠤ ᠰᠢᠯᠭ᠋ᠠᠯᠲᠠ᠎ᠠᠴᠠ ᠡᠮᠦᠨᠡᠬᠢ ᠵᠢᠱ᠌ᠢᠶ᠎ᠡ ᠦᠵᠡᠭᠦᠯᠬᠦ ᠪᠣᠯᠪᠠᠰᠤᠷᠠᠯ 5 ᠳ᠋ᠤᠭ᠋ᠠᠷ ᠰᠠᠷ᠎ᠠ ᠵᠢᠨ 24᠎ᠤ ᠡᠳᠦᠷ ᠬᠥᠬᠡᠬᠣᠲᠠ᠎ᠳᠤ  ᠡᠬᠢᠯᠡᠪᠡ᠃

 W020230530388367765947.png   

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠥᠩ ᠸᠧᠢ ᠴᠦᠨ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠨᠡᠢ᠌ᠭᠡᠮ᠎ᠤᠨ ᠠᠵᠢᠯ᠎ᠤᠨ ᠨᠡᠢ᠌ᠭᠡᠮᠯᠢᠭ᠎ᠤᠨ ᠳᠠᠷᠤᠭ᠎ᠠ ᠦ᠋ ᠵᠢᠨ ᠯᠢᠶᠠᠩ ᠪᠤᠯᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠦᠢ᠍ᠯᠡᠴᠢᠯᠡᠭᠡᠨ᠎ᠤ ᠲᠥᠪ᠂ ᠥᠪᠥᠷ ᠮᠣᠩᠭᠣᠯ᠎ᠤᠨ ᠨᠡᠢ᠌ᠭᠡᠮ᠎ᠤᠨ ᠠᠵᠢᠯ᠎ᠤᠨ ᠨᠡᠢ᠌ᠭᠡᠮᠯᠢᠭ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠭᠡᠮ᠎ᠤᠨ ᠠᠵᠢᠯ᠎ᠤᠨ ᠭᠠᠵᠠᠷ᠎ᠤᠨ ᠳᠠᠷᠤᠭ᠎ᠠ ᠵᠠᠩ ᠴᠦᠨ ᠯᠧᠢ ᠬᠤᠷᠠᠯ᠎ᠢ ᠡᠷᠬᠢᠯᠡᠭᠰᠡᠨ ᠪᠠᠢ᠌ᠨ᠎ᠠ᠃

W020230530388367789993.png

     ᠬᠥᠩ ᠸᠧᠢ ᠴᠦᠨ ᠱᠠᠭ᠋ᠠᠷᠳᠠᠬᠰᠠᠨ᠎ᠨᠢ᠂ ᠣᠳᠣᠬᠠᠨ᠎ᠳᠤ ᠮᠠᠨ᠎ᠤ ᠣᠷᠣᠨ᠎ᠤ ᠨᠡᠢ᠌ᠭᠡᠮ᠎ᠤᠨ ᠠᠵᠢᠯ᠎ᠢ ᠳᠡᠭᠡᠳᠦ ᠪᠠᠢ᠌ᠷᠢᠨ᠎ᠳᠤ ᠠᠬᠢᠭᠤᠯᠬᠤ᠂ ᠳᠡᠭᠡᠳᠦ ᠬᠤᠷᠳᠤᠴᠠ᠎ᠪᠠᠷ ᠬᠥᠭᠵᠢᠬᠦ ᠱᠠᠲᠤᠨ᠎ᠳᠤ ᠣᠷᠣᠰᠢᠵᠤ᠂ ᠨᠡᠢ᠌ᠭᠡᠮ᠎ᠤᠨ ᠠᠵᠢᠯ᠎ᠤᠨ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠎ᠳᠤ ᠣᠷᠣᠯᠴᠠᠬᠤ ᠠᠷᠭ᠎ᠠ ᠵᠠᠮ ᠪᠠ ᠬᠦᠷᠢᠶ᠎ᠡ ᠴᠠᠷᠠᠭ᠎ᠠ ᠲᠠᠰᠤᠷᠠᠯᠲᠠ ᠦᠭᠡᠢ ᠥᠷᠭᠡᠳᠴᠦ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠲᠤᠰᠬᠠᠢ ᠮᠡᠷᠭᠡᠵᠢᠯ᠎ᠤᠨ ᠨᠡᠢ᠌ᠭᠡᠮ᠎ᠤᠨ ᠠᠵᠢᠯ᠎ᠢ ᠣᠢ᠌ᠯᠠᠭ᠋ᠠᠬᠤ ᠬᠡᠮᠵᠢᠶ᠎ᠡ ᠪᠠ ᠨᠡᠷ᠎ᠡ ᠬᠦᠨᠳᠤ ᠲᠠᠰᠤᠷᠠᠯᠲᠠ ᠦᠭᠡᠢ ᠳᠡᠭᠡᠭᠰᠢᠯᠡᠵᠦ ᠪᠠᠢ᠌ᠨ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠡᠭᠡᠵᠢᠩ᠂ ᠥᠪᠥᠷ ᠮᠣᠩᠭᠣᠯ᠎ᠤᠨ ᠬᠠᠮᠵᠢᠯᠴᠠᠭ᠎ᠠ ᠵᠢᠨ 《ᠭᠠᠷ ᠭᠠᠷ ᠵᠶ᠋ᠡᠨ ᠬᠣᠯᠪᠣᠯᠴᠠᠬᠤ ᠲᠥᠯᠥᠪᠯᠡᠭᠡ》᠂ ᠲᠦᠮᠡᠨ ᠬᠥᠮᠥᠨ᠎ᠢ ᠬᠥᠮᠥᠵᠢᠭᠦᠯᠬᠦ ᠲᠥᠯᠥᠪᠯᠡᠭᠡ ᠵᠡᠷᠭᠡ ᠠᠷᠭ᠎ᠠ᠎ᠪᠠᠷ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ ᠬᠥᠮᠥᠵᠢᠭᠦᠯᠬᠦ ᠠᠵᠢᠯ᠎ᠢ ᠲᠥᠷᠥᠯ  ᠵᠦᠢ᠍ᠯᠵᠢᠬᠦᠯᠬᠦ᠂ ᠪᠠᠢ᠌ᠩᠭᠤᠵᠢᠭᠤᠯᠬᠤ ᠵᠢ ᠲᠠᠰᠤᠷᠠᠯᠲᠠ ᠦᠭᠡᠢ ᠠᠬᠢᠭᠤᠯᠵᠤ ᠪᠠᠢ᠌ᠭ᠎ᠠ ᠪᠣᠯᠪᠠᠴᠤ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ ᠦᠨᠡᠮᠯᠡᠯ᠎ᠲᠠᠢ ᠪᠠᠢ᠌ᠬᠤ ᠪᠠ ᠦᠨᠡᠮᠯᠡᠯ᠎ᠤᠨ ᠲᠡᠰ᠎ᠢ ᠲᠡᠭᠡᠭᠰᠢᠯᠡᠬᠦᠯᠬᠦ ᠨᠣᠷᠮ᠎ᠠ ᠥᠨᠳᠥᠷ ᠪᠢᠰᠢ ᠵᠡᠷᠭᠡ ᠠᠰᠠᠭᠤᠳᠠᠯ ᠮᠥᠨ ᠬᠦ᠌ ᠣᠷᠣᠰᠢᠭᠰᠠᠭ᠋ᠠᠷ ᠪᠠᠢ᠌ᠨ᠎ᠠ᠃ ᠪᠣᠯᠪᠠᠰᠤᠷᠠᠯ᠎ᠳᠤ ᠣᠷᠣᠯᠴᠠᠭᠰᠠᠳ ᠡᠨᠡ ᠬᠦ᠌ ᠪᠤᠯᠪᠠᠰᠤᠷᠠᠯ ᠵᠶ᠋ᠡᠷ ᠲᠣᠬᠢᠶᠠᠯ ᠪᠣᠯᠭ᠋ᠠᠵᠤ᠂ ᠴᠢᠳᠠᠪᠤᠷᠢ ᠬᠡᠪ ᠴᠢᠨᠠᠷ ᠪᠠ ᠲᠤᠬᠠᠢ᠌ᠯᠠᠭᠰᠠᠨ ᠠᠵᠢᠯ᠎ᠤᠨ ᠤᠷ᠎ᠠ ᠴᠢᠳᠠᠪᠤᠷᠢ᠎ᠪᠠᠨ ᠤᠯᠠᠮ ᠳᠡᠭᠡᠭᠰᠢᠯᠡᠭᠦᠯᠵᠦ᠂ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠲᠤᠰᠬᠠᠢ᠌ᠵᠢᠭᠰᠠᠨ  ᠲᠦᠪᠰᠢᠨ᠎ᠢ ᠳᠡᠭᠡᠭᠰᠢᠯᠡᠭᠦᠯᠬᠦ᠂ ᠰᠢᠨ᠎ᠡ ᠴᠠᠭ ᠦᠶ᠎ᠡ ᠵᠢᠨ ᠪᠥᠬᠥ ᠣᠷᠣᠨ᠎ᠤ ᠨᠡᠢ᠌ᠭᠡᠮ᠎ᠤᠨ ᠠᠵᠢᠯ᠎ᠤᠨ  ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠲᠠᠰᠤᠷᠠᠯᠲᠠ ᠦᠭᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃
 W020230530388367792381.png  

      ᠪᠣᠯᠪᠠᠰᠤᠷᠠᠯ ᠲᠡᠬᠡᠷ᠎ᠡ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠪᠣᠯᠣᠨ ᠪᠡᠭᠡᠵᠢᠩ᠎ᠤᠨ ᠨᠡᠢ᠌ᠭᠡᠮ᠎ᠤᠨ ᠬᠠᠮᠢᠶᠠᠷᠤᠯᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠠᠷᠠᠳ᠎ᠤᠨ ᠶᠠᠪᠤᠳᠠᠯ᠎ᠤᠨ ᠶᠠᠮᠤᠨ᠎ᠤ ᠪᠣᠯᠪᠠᠰᠤᠷᠠᠯ᠎ᠤᠨ ᠲᠥᠪ) ᠵᠢᠨ ᠲᠤᠰᠬᠠᠢ ᠮᠡᠷᠭᠡᠵᠢᠯᠲᠡᠨ ᠫᠷᠤᠹᠸᠰᠰᠤᠷ᠎ᠢ ᠤᠷᠢᠵᠤ᠂ ᠪᠦᠬᠦ ᠤᠯᠤᠰ᠎ᠤᠨ ᠨᠡᠢ᠌ᠭᠡᠮ᠎ᠤᠨ ᠠᠵᠢᠯᠲᠠᠳ᠎ᠤᠨ ᠠᠵᠢᠯ ᠮᠡᠷᠭᠡᠵᠢᠯ᠎ᠤᠨ ᠲᠦᠪᠰᠢᠨ᠎ᠤ ᠰᠢᠯᠭ᠋ᠠᠯᠲᠠ ᠵᠢᠨ ᠬᠡᠪᠴᠢᠶ᠎ᠡ᠎ᠲᠠᠢ ᠤᠶᠠᠯᠳᠤᠭᠤᠯᠵᠤ᠂ ᠮᠡᠳᠡᠯᠭᠡ ᠵᠢᠨ ᠴᠡᠭ᠎ᠤᠨ ᠶᠠᠷᠢᠯᠴᠠᠭ᠎ᠠ ᠬᠢᠵᠦ᠂ ᠥᠩᠭᠡᠷᠡᠭᠰᠡᠨ ᠵᠢᠯ᠎ᠤᠳ᠎ᠤᠨ ᠰᠡᠳᠦᠪ᠎ᠢ ᠨᠠᠷᠢᠨ ᠶᠠᠷᠢᠬᠤ ᠪᠠ ᠲᠤᠬᠠᠢ ᠵᠢᠨ ᠲᠠᠯᠠᠪᠤᠷ᠎ᠲᠤ ᠲᠤᠷᠠᠳᠤᠬᠰᠠᠨ ᠮᠠᠳᠠᠭ᠎ᠲᠠᠢ ᠠᠰᠠᠭᠤᠳᠠᠯ᠎ᠢ ᠲᠠᠢ᠌ᠯᠪᠤᠷᠢᠯᠠᠵᠤ᠂ ᠪᠣᠯᠪᠠᠰᠤᠷᠠᠯ᠎ᠳᠤ ᠣᠷᠣᠯᠴᠠᠭᠰᠠᠳ᠎ᠤᠨ ᠰᠠᠢ᠌ᠨ ᠦᠨᠡᠯᠡᠯᠲᠡ ᠵᠢ ᠣᠯᠵᠠᠢ᠃
 W020230530388367814313.png   

    4 ᠬᠤᠨᠤᠭ᠎ᠤᠨ ᠪᠣᠯᠪᠠᠰᠤᠷᠠᠯ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠭᠡᠮ᠎ᠤᠨ ᠠᠵᠢᠯ᠎ᠤᠨ ᠭᠠᠵᠠᠷ᠎ᠤᠨ ᠬᠠᠮᠢᠶ᠎ᠠ ᠪᠦᠬᠦᠢ ᠨᠥᠬᠥᠳ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ ᠲᠣᠭᠣᠷᠢᠭ)᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠪᠠ ᠠᠵᠢᠯᠲᠠᠨ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠠᠷᠠᠳ᠎ᠤᠨ ᠶᠠᠪᠤᠳᠠᠯ᠎ᠤᠨ ᠲᠤᠰᠠᠯᠠᠭᠴᠢ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠠᠵᠢᠯᠲᠠᠨ ᠨᠡᠶ᠋ᠢᠲᠡ 240 ᠭᠠᠷᠤᠢ ᠬᠥᠮᠥᠨ ᠤᠷᠤᠯᠴᠠᠬᠰᠠᠨ ᠪᠠᠢ᠌ᠨ᠎ᠠ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ ᠲᠠᠭ᠋ᠠᠭ᠋ᠠᠴᠢᠯᠠᠨ ᠬᠤᠯᠪᠤᠭ᠋ᠠᠯᠠᠬᠰᠠᠨ ᠨᠡᠢ᠌ᠭᠡᠮ ᠲᠣᠭᠣᠷᠢᠭ᠎ᠲᠤ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠵᠢᠨ ᠰᠠᠷ᠎ᠠ》 ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠬᠥᠩ ᠸᠧᠢ ᠴᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ᠎ᠬᠢᠨ᠎ᠤ ᠬᠣᠯᠪᠣᠭ᠋ᠠᠲᠤ ᠬᠤᠷᠠᠯ᠎ᠳᠤ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠠᠤᠯᠢ ᠴᠠᠭ᠋ᠠᠵᠠ ᠵᠢᠨ ᠲᠢᠩᠬᠢᠮ᠎ᠯᠤᠭ᠎ᠠ ᠴᠢᠮᠡᠬᠡ ᠵᠠᠡᠭᠭᠢ ᠵᠢᠨ ᠬᠤᠪᠢᠶᠠᠯᠴᠠᠭ᠎ᠠ᠎ᠪᠠᠨ ᠴᠢᠡᠭᠭ᠋ᠠᠳᠬᠠᠪᠠ
ᠮᠠᠨ᠎ᠤ ᠤᠷᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 《ᠳᠠᠩᠰᠠᠯᠠᠬᠤ ᠪᠠ ᠬᠠᠮᠢᠶᠠᠷᠬᠤ ᠵᠢ ᠰᠠᠯᠭ᠋ᠠᠬᠤ》 ᠠᠵᠢᠯ᠎ᠢ ᠤᠯᠠᠮ ᠲᠦᠷᠢᠮᠵᠢᠬᠦᠯᠵᠤ ᠪᠠᠢ᠌ᠨ᠎ᠠ
ᠭᠣᠣᠯ ᠰᠡᠳᠦᠪᠲᠦ ᠬᠥᠮᠦᠵᠢᠯ ᠵᠶ᠋ᠡᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠬᠦᠳᠤᠯᠤᠨ ᠠᠬᠢᠭᠤᠯᠵᠤ ᠪᠠᠢ᠌ᠨ᠎ᠠ
 
            