ᠺᠠᠳ᠋ᠷᠴᠤᠳ᠎ᠤᠨ ᠰᠡᠳᠬᠢᠴᠡ ᠵᠢᠨ ᠡᠷᠡᠭᠦᠯ ᠮᠡᠨᠳᠦ ᠵᠢ ᠬᠠᠯᠠᠮᠵᠢᠯᠠᠬᠤ ᠠᠵᠢᠯ᠎ᠢ ᠰᠠᠢ᠌ᠲᠤᠷ ᠬᠢᠵᠦ᠂ ᠺᠠᠳ᠋ᠷ ᠠᠵᠢᠯᠲᠠᠨ᠎ᠤ ᠥᠪᠡᠷ᠎ᠢ᠎ᠪᠠᠨ ᠬᠠᠯᠠᠮᠵᠢᠯᠠᠬᠤ ᠰᠡᠳᠬᠢᠴᠡ ᠵᠢᠨ ᠡᠷᠡᠭᠦᠯ ᠮᠡᠨᠳᠦ ᠵᠢᠨ ᠤᠬᠠᠮᠰᠠᠷ᠎ᠢ ᠳᠡᠭᠡᠭᠰᠢᠯᠡᠭᠦᠯᠦᠨ᠂ ᠰᠢᠨᠵᠢᠯᠡᠬᠦ ᠤᠬᠠᠭ᠋ᠠᠨᠴᠢ ᠰᠡᠳᠬᠢᠴᠡ ᠵᠢᠨ ᠵᠣᠬᠢᠴᠠᠭᠤᠯᠬᠤ ᠠᠷᠭ᠎ᠠ ᠵᠢ ᠡᠵᠡᠮᠰᠢᠵᠦ᠂ ᠠᠵᠢᠯ ᠠᠮᠢᠳᠤᠷᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠡᠶ᠎ᠡ ᠵᠣᠬᠢᠴᠠᠯ᠎ᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 4 ᠳ᠋ᠤᠬᠡᠷ ᠰᠠᠷ᠎ᠠ ᠵᠢᠨ 27᠎ᠤ ᠦᠳᠡ ᠵᠢᠨ ᠡᠮᠦᠨ᠎ᠡ ᠺᠠᠳ᠋ᠷᠴᠤᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠲᠠᠢ᠌ᠯᠤᠮᠵᠢ ᠡᠷᠭᠢᠯᠡᠪᠡ᠃

ᠲᠠᠢ᠌ᠯᠤᠮᠵᠢ᠎ᠳᠤ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠰᠡᠳᠬᠢᠴᠡ ᠵᠢᠨ ᠳᠡᠭᠡᠳᠦ ᠰᠤᠷᠭ᠋ᠠᠭᠤᠯᠢ ᠵᠢᠨ ᠰᠡᠳᠬᠢᠴᠡ ᠵᠢᠨ ᠰᠠᠯᠪᠤᠷᠢ ᠵᠢᠨ ᠡᠷᠬᠢᠯᠡᠭᠴᠢ ᠶᠠᠩ ᠰᠢᠶᠣᠣ ᠹᠸᠡᠭ ᠫᠷᠤᠹᠥᠰᠰᠤᠷ 《ᠪᠠᠶᠠᠰᠤᠡᠭᠭᠤᠢ ᠰᠡᠳᠬᠢᠴᠡ᠎ᠪᠠᠷ ᠲᠠᠷᠤᠭ᠋ᠠᠰᠤ ᠵᠢ ᠠᠷᠭ᠋ᠠᠴᠠᠭ᠋ᠠᠬᠤ》᠎ᠪᠠᠷ ᠭᠣᠣᠯ ᠰᠡᠳᠦᠪ ᠵᠶ᠋ᠡᠷ ᠲᠠᠢ᠌ᠯᠤᠮᠵᠢ ᠬᠢᠬᠦ᠎ᠳᠤ᠎ᠪᠠᠨ ᠡᠩ ᠲᠡᠷᠢᠭᠦᠨ᠎ᠳᠤ ᠪᠦᠬᠦ ᠬᠥᠮᠥᠰ᠎ᠢ ᠳᠠᠭ᠋ᠠᠭᠤᠯᠤᠨ ᠰᠡᠳᠬᠢᠴᠡ ᠵᠢᠨ ᠳᠠᠷᠤᠭ᠋ᠠᠰᠤ ᠵᠢᠨ ᠰᠢᠯᠭ᠋ᠠᠯᠲᠠ ᠬᠢᠪᠡ᠃ ᠡᠢ᠌ᠨ ᠬᠦ᠌ ᠣᠯᠠᠨ ᠵᠶ᠋ᠠᠷ ᠵᠶ᠋ᠠᠨ ᠣᠳᠣᠬᠠᠨ᠎ᠤ ᠰᠡᠳᠬᠢᠴᠡ ᠵᠢᠨ ᠳᠠᠷᠤᠭ᠋ᠠᠰᠤ ᠵᠢᠨ ᠬᠡᠮᠵᠢᠶ᠎ᠡ ᠵᠢᠨ ᠲᠤᠬᠠᠢ ᠠᠡᠭᠬᠠᠨ᠎ᠤ ᠣᠢ᠌ᠯᠠᠭ᠋ᠠᠯᠲᠠ᠎ᠲᠠᠢ ᠪᠤᠯᠤᠯ᠎ᠠ᠃ ᠵᠠᠯᠭ᠋ᠠᠭ᠋ᠠᠳ ᠰᠡᠳᠬᠢᠴᠡ ᠵᠢᠨ ᠡᠷᠡᠭᠦᠯ ᠮᠡᠨᠳᠦ ᠵᠢᠨ ᠦᠨᠳᠦᠰᠦᠨ ᠮᠡᠳᠡᠯᠭᠡ ᠵᠢ ᠲᠦᠭᠡᠮᠡᠯᠵᠢᠭᠦᠯᠵᠦ᠂ ᠲᠠᠷᠤᠭ᠋ᠠᠰᠤ ᠪᠣᠯᠣᠨ ᠰᠡᠳᠬᠢᠯ᠎ᠤᠨ ᠪᠠᠢ᠌ᠳᠠᠯ᠎ᠤᠨ ᠨᠥᠯᠥᠭᠡᠯᠡᠬᠦ ᠬᠦᠴᠦᠨ ᠵᠦᠢ᠍ᠯ᠂ ᠳᠠᠪᠬᠤᠷ ᠦᠢ᠍ᠯᠡᠳᠦᠯ᠎ᠢ ᠭᠦᠨᠵᠡᠭᠡᠢ ᠪᠥᠭᠡᠳ ᠣᠢ᠌ᠯᠠᠭ᠋ᠠᠮᠵᠢᠲᠠᠢ᠎ᠪᠠᠷ ᠵᠠᠳᠠᠯᠵᠤ᠂ ᠰᠡᠳᠬᠢᠴᠡ ᠵᠢᠨ ᠵᠦᠢ ᠵᠢᠨ ᠲᠤᠷᠰᠢᠯᠲᠠ ᠪᠠ ᠶᠡᠬᠡ ᠬᠡᠮᠵᠢᠶᠡᠨ᠎ᠤ ᠵᠢᠱ᠌ᠢᠶ᠎ᠡ᠎ᠲᠠᠢ ᠤᠶᠠᠯᠳᠤᠭᠤᠯᠤᠨ ᠤᠯᠠᠨ᠎ᠢ ᠵᠢᠯᠣᠭᠣᠳᠤᠨ ᠠᠵᠢᠯ ᠪᠠ ᠠᠮᠢᠳᠤᠷᠠᠯ᠎ᠤᠨ ᠳᠤᠮᠳᠠ ᠲᠤᠯᠭ᠋ᠠᠷᠠᠵᠤ ᠪᠠᠢ᠌ᠭ᠎ᠠ ᠳᠠᠷᠤᠯᠲᠠ ᠵᠢ ᠵᠥᠪ ᠲᠠᠨᠢᠭᠤᠯᠬᠤ ᠵᠢᠨ ᠬᠠᠮᠳᠤ᠂ ᠳᠠᠷᠤᠯᠲᠠ ᠵᠢ ᠬᠠᠮᠢᠶᠠᠷᠬᠤ᠂ ᠤᠷᠮ᠎ᠠ ᠰᠡᠳᠬᠢᠯᠭᠡ ᠵᠢ ᠵᠣᠬᠢᠴᠠᠭᠤᠯᠬᠤ ᠠᠷᠭ᠎ᠠ ᠪᠠ ᠰᠠᠨᠠᠭᠤᠯᠭ᠎ᠠ ᠵᠢ ᠲᠠᠢ᠌ᠯᠪᠤᠷᠢᠯᠠᠬᠤ ᠵᠢᠨ ᠬᠠᠮᠲᠤ ᠤᠯᠠᠨ᠎ᠢ ᠳᠠᠭ᠋ᠠᠭᠤᠯᠤᠨ ᠲᠤᠬᠠᠢ ᠵᠢᠨ ᠲᠠᠯᠠᠪᠤᠷ᠎ᠲᠤ ᠳᠠᠷᠤᠯᠲᠠ ᠲᠠᠢ᠌ᠯᠬᠤ ᠲᠠᠮᠢᠷ ᠪᠠ ᠭᠦᠨ ᠪᠣᠳᠣᠯᠭ᠋ᠠᠰᠢᠷᠠᠬᠤ ᠠᠷᠭ᠎ᠠ ᠵᠢ ᠰᠤᠷᠤᠯᠴᠠᠭᠤᠯᠪᠠ᠃

ᠲᠠᠢ᠌ᠯᠤᠮᠵᠢ ᠵᠢᠨ ᠲᠠᠷᠠᠭ᠎ᠠ ᠬᠦᠮᠦᠰ᠂ ᠠᠵᠢᠯ ᠠᠮᠢᠳᠤᠷᠠᠯ᠎ᠤᠨ ᠠᠢ᠌ᠵᠠᠮ ᠲᠦᠷᠭᠡᠰᠬᠦ ᠵᠢ ᠳᠠᠭ᠋ᠠᠯᠳᠤᠨ᠂ ᠡᠯ᠎ᠡ ᠲᠠᠯ᠎ᠠ ᠵᠢᠨ ᠳᠠᠷᠤᠯᠲᠠ ᠲᠠᠰᠤᠷᠠᠯᠲᠠ ᠦᠭᠡᠢ ᠨᠡᠮᠡᠭᠳᠡᠭᠰᠡᠨ ᠪᠤᠯᠬᠤᠷ ᠴᠠᠭ ᠲᠤᠬᠠᠢᠳᠤᠨᠢ ᠰᠡᠳᠬᠢᠴᠡ ᠵᠢᠨ ᠵᠣᠬᠢᠴᠠᠭᠤᠯᠭ᠎ᠠ ᠬᠢᠬᠦ᠎ᠨᠢ ᠮᠠᠰᠢ ᠴᠢᠬᠤᠯᠠ ᠶᠤᠮ᠂ ᠲᠣᠰ ᠲᠠᠢ᠌ᠯᠤᠮᠵᠢ ᠴᠠᠭ ᠲᠤ᠎ᠪᠠᠨ ᠠᠷᠭ᠎ᠠ ᠦᠬᠡᠢ ᠲᠣᠬᠢᠷᠠᠭᠰᠠᠨ ᠪᠠᠢ᠌ᠨ᠎ᠠ ᠬᠡᠵᠡᠬᠡᠵᠤ ᠪᠠᠢ᠌ᠯ᠎ᠠ᠃ ᠶᠠᠩ ᠪᠠᠭᠰᠢ ᠵᠢᠨ ᠲᠠᠢ᠌ᠯᠤᠮᠵᠢ ᠰᠢᠨᠵᠢᠯᠡᠬᠦ ᠤᠬᠠᠭ᠋ᠠᠨᠴᠢ ᠴᠢᠨᠠᠷ ᠪᠠ ᠬᠡᠷᠡᠭᠯᠡᠭᠡᠨ᠎ᠤ ᠴᠢᠨᠠᠷ᠎ᠢ ᠤᠶᠠᠯᠳᠤᠭᠤᠯᠵᠤ᠂ ᠬᠠᠷᠢᠯᠴᠠᠨ ᠦᠢ᠍ᠯᠡᠳᠦᠯᠴᠡᠬᠦ ᠴᠢᠨᠠᠷᠲᠠᠢ ᠮᠥᠷᠲᠡᠭᠡᠨ ᠪᠠᠰᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠴᠢᠨᠠᠷᠲᠠᠢ ᠪᠠᠢ᠌ᠵᠤ᠂ ᠪᠠᠢ᠌ᠭᠤᠯᠭ᠎ᠠ ᠵᠢᠨ ᠺᠠᠳ᠋ᠷᠴᠤᠳ᠎ᠤᠨ ᠰᠡᠳᠬᠢᠯ᠎ᠤᠨ ᠶᠠᠳᠠᠷᠠᠯᠢ ᠲᠠᠢ᠌ᠯᠬᠤ᠂ ᠰᠡᠳᠬᠢᠯ᠎ᠤᠨ ᠳᠠᠷᠤᠭ᠋ᠠᠰᠤ ᠵᠢ ᠬᠥᠩᠭᠡᠷᠡᠭᠦᠯᠬᠦ᠂ ᠠᠵᠢᠯ ᠪᠠ ᠠᠮᠢᠳᠤᠷᠠᠯ᠎ᠤᠨ ᠳᠤᠮᠳᠠᠬᠢ ᠲᠥᠭᠡᠷᠢᠭᠳᠡᠯ᠎ᠢ ᠰᠢᠢ᠍ᠳᠪᠦᠷᠢᠯᠡᠬᠦ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠠᠬᠢᠭᠤᠯᠬᠤ᠎ᠳᠤ ᠲᠤᠢ᠌ᠯ᠎ᠤᠨ ᠠᠰᠢᠭᠲᠠᠢ ᠶᠤᠮ᠃
ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠭ᠋ᠠᠵᠤ᠂ ᠺᠠᠳ᠋ᠷ ᠠᠵᠢᠯᠲᠠᠨ ᠠᠵᠢᠯᠴᠢᠨ᠎ᠤ ᠰᠡᠳᠬᠢᠴᠡ ᠵᠢᠨ ᠡᠷᠡᠭᠦᠯ ᠮᠡᠨᠳᠦ ᠵᠢ ᠦᠷᠭᠦᠯᠵᠢᠯᠡᠨ ᠠᠩᠬᠠᠷᠴᠤ᠂ ᠰᠡᠳᠬᠢᠴᠡ ᠵᠢᠨ ᠵᠦᠢ ᠵᠢᠨ ᠠᠷᠭ᠎ᠠ᠎ᠪᠠᠷ ᠲᠠᠷᠤᠭ᠋ᠠᠰᠤ ᠵᠢ ᠰᠠᠢ᠌ᠳᠤᠷ ᠬᠦᠡᠭᠭᠡᠯᠡᠵᠤ᠂ ᠰᠠᠢ᠌ᠨ ᠰᠠᠢ᠌ᠬᠠᠨ ᠣᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠠᠵᠢᠯ᠎ᠳᠤ᠎ᠪᠠᠨ ᠭᠠᠪᠰᠢᠭ᠋ᠠᠢ᠌ᠯᠠᠬᠤᠳᠤ ᠲᠠᠢ᠌ᠴᠢᠯᠠᠬᠤ ᠪᠤᠯᠤᠨ᠎ᠠ᠃
ᠲᠢᠩᠬᠢᠮ᠎ᠤᠨ ᠪᠠᠢ᠌ᠭᠤᠯᠭ᠎ᠠ ᠪᠣᠯᠣᠨ ᠠᠵᠢᠯ ᠦᠢ᠍ᠯᠡᠰ᠎ᠤᠨ ᠨᠢᠬᠡᠴᠢ ᠵᠢᠨ 70 ᠭᠠᠷᠤᠢ ᠺᠠᠳ᠋ᠷ ᠠᠵᠢᠯᠲᠠᠨ ᠲᠠᠢ᠌ᠯᠤᠮᠵᠢ ᠵᠢ
ᠰᠤᠨᠤᠰᠪᠠ᠃