ᠪᠥᠬᠥ ᠣᠷᠣᠨ᠎ᠤ ᠨᠢᠭᠦᠯᠡᠰᠦᠩᠭᠦᠢ ᠵᠢᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ 4 ᠳ᠋ᠤᠬᠡᠷ ᠰᠠᠷ᠎ᠠ ᠵᠢᠨ 25᠎ᠤ ᠡᠳᠦᠷ ᠤᠯᠠᠭ᠋ᠠᠨᠴᠠᠪ ᠬᠣᠲᠠ᠎ᠳᠤ ᠡᠷᠬᠢᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠥᠩ ᠸᠧᠢ ᠴᠦᠨ ᠡᠬᠢᠯᠡᠯᠳᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠦ᠋ ᠶᠦᠨ ᠰᠢᠶᠠ ᠪᠠᠶᠠᠷ᠎ᠤᠨ ᠦᠭᠡ ᠬᠡᠯᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠭᠡᠮ᠎ᠤᠨ ᠠᠵᠢᠯ᠎ᠤᠨ ᠭᠠᠵᠠᠷ᠎ᠤᠨ ᠳᠠᠷᠤᠭ᠎ᠠ ᠵᠠᠩ ᠴᠦᠨ ᠯᠧᠢ ᠰᠤᠷᠤᠯᠭ᠎ᠠ ᠡᠬᠢᠯᠡᠬᠦ ᠶᠣᠰᠣᠯᠠᠯ᠎ᠢ ᠡᠷᠭᠢᠯᠡᠪᠡ᠃
ᠬᠥᠩ ᠸᠧᠢ ᠴᠦᠨ ᠴᠢᠬᠤᠯᠠᠴᠢᠯᠠᠬᠰᠠᠨ᠎ᠨᠢ᠂ ᠨᠢᠭᠦᠯᠡᠰᠦᠩᠭᠦᠢ ᠵᠢᠨ ᠦᠢ᠍ᠯᠡᠰ᠎ᠢ ᠬᠥᠭᠵᠢᠭᠦᠯᠬᠦ ᠪᠣᠯ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠴᠢᠬᠤᠯᠠ ᠠᠷᠭ᠎ᠠ ᠮᠥᠨ᠂ ᠪᠦᠬᠦ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠰᠢᠨ᠎ᠡ ᠴᠠᠭ ᠦᠶ᠎ᠡ ᠵᠢᠨ ᠨᠢᠭᠦᠯᠡᠰᠦᠩᠭᠦᠢ ᠵᠢᠨ ᠠᠵᠢᠯ᠎ᠢ ᠰᠠᠢ᠌ᠲᠤᠷ ᠬᠢᠬᠦ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠨ᠂ ᠣᠨᠣᠪᠴᠢᠲᠠᠢ ᠡᠵᠡᠮᠳᠡᠵᠦ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠨᠡᠢ᠌ᠭᠡᠮ᠎ᠤᠨ ᠡᠬᠢ ᠪᠠᠶᠠᠯᠢᠭ᠎ᠢ ᠨᠡᠩ ᠰᠠᠢ᠌ᠲᠤᠷ ᠬᠤᠷᠠᠮᠳᠤᠭᠤᠯᠵᠤ᠂ ᠨᠡᠢ᠌ᠭᠡᠮ᠎ᠤᠨ ᠬᠦᠴᠦᠨ᠎ᠢ ᠲᠠᠢ᠍ᠢ᠍ᠴᠢᠯᠠᠵᠤ᠂ ᠬᠦᠴᠢᠷᠳᠡᠯᠲᠡᠢ ᠤᠯᠠᠨ ᠲᠦᠮᠡᠨ᠎ᠢ ᠴᠠᠭ ᠲᠤᠬᠠᠢ ᠬᠠᠪᠰᠤᠷᠤᠨ ᠬᠠᠯᠠᠮᠵᠢᠯᠠᠵᠤ᠂ ᠬᠠᠮᠳᠤ᠎ᠪᠠᠷ ᠴᠢᠨᠡᠭᠡᠯᠢᠭᠵᠢᠬᠦ ᠵᠢ ᠠᠬᠢᠭᠤᠯᠬᠤ᠎ᠳᠤ ᠨᠢᠭᠦᠯᠡᠰᠦᠩᠭᠦᠢ ᠵᠢᠨ ᠬᠦᠴᠦᠨ ᠵᠶ᠋ᠡᠨ ᠡᠷᠭᠦᠬᠦ ᠬᠡᠷᠡᠭᠲᠡᠢ᠃ ᠤᠳᠤ ᠦᠶ᠎ᠡ ᠵᠢᠨ ᠨᠢᠭᠦᠯᠡᠰᠦᠩᠭᠦᠢ ᠵᠢᠨ ᠰᠢᠰᠲ᠋ᠧᠮ᠎ᠢ ᠲᠦᠷᠬᠡᠨ ᠪᠠᠢ᠌ᠭᠤᠯᠵᠤ᠂ ᠠᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠵᠢ ᠴᠢᠩᠭ᠋ᠠᠳᠬᠠᠬᠤ᠂ ᠲᠤᠰᠬᠠᠢ ᠮᠡᠷᠭᠡᠵᠢᠯ᠎ᠤᠨ ᠲᠦᠪᠰᠢᠨ᠎ᠢ ᠳᠡᠭᠡᠭᠰᠢᠯᠡᠭᠦᠯᠬᠦ᠂ ᠬᠠᠤᠯᠢ ᠲᠣᠭᠲᠠᠭ᠋ᠠᠯ ᠶᠣᠰᠣᠭ᠋ᠠᠷ ᠠᠵᠢᠯ ᠬᠢᠬᠦ᠂ ᠤᠬᠠᠭᠤᠯᠤᠨ ᠳᠡᠯᠭᠡᠷᠡᠭᠦᠯᠬᠦ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠶᠡᠷᠦᠩᠬᠡᠢ᠌ᠯᠡᠨ ᠬᠦᠴᠦᠯᠡᠵᠦ᠂ ᠥᠨᠢ ᠤᠳᠠᠭ᠋ᠠᠨ ᠴᠢᠷᠮᠠᠢ᠌ᠯᠭ᠎ᠠ ᠭᠠᠷᠭ᠋ᠠᠵᠤ᠂ ᠨᠢᠭᠦᠯᠡᠰᠦᠩᠭᠦᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠲᠡᠢ᠃ ᠪᠣᠯᠪᠠᠰᠤᠷᠠᠯ᠎ᠳᠤ ᠣᠷᠣᠯᠴᠠᠭᠰᠠᠳ ᠪᠣᠯᠪᠠᠰᠤᠷᠠᠯ᠎ᠤᠨ ᠠᠵᠠ ᠲᠣᠬᠢᠶᠠᠯ᠎ᠢ ᠨᠠᠨᠳᠢᠩᠨᠠᠵᠤ᠂ ᠬᠢᠨᠠᠮᠠᠭ᠋ᠠᠢ ᠰᠤᠷᠤᠯᠴᠠᠨ ᠰᠣᠯᠢᠯᠴᠠᠵᠤ᠂ ᠪᠣᠯᠪᠠᠰᠤᠷᠠᠯ᠎ᠤᠨ ᠦᠷ᠎ᠡ ᠪᠦᠲᠦᠭᠡᠯ᠎ᠢ ᠠᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠬᠤ ᠰᠢᠨ᠎ᠡ ᠰᠡᠳᠬᠢᠴᠡ ᠪᠠ ᠰᠢᠨ᠎ᠡ ᠬᠥᠳᠡᠯᠭᠡᠭᠦ ᠬᠦᠴᠦᠨ ᠪᠣᠯᠭ᠋ᠠᠨ᠂ ᠰᠢᠨ᠎ᠡ ᠴᠠᠭ ᠦᠶ᠎ᠡ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ᠃
ᠡᠨᠡ ᠬᠦ᠌ ᠭᠤᠷᠪᠠ ᠬᠤᠨᠤᠭ᠎ᠤᠨ ᠪᠤᠯᠪᠠᠰᠤᠷᠠᠯ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠭᠡᠮ᠎ᠤᠨ ᠠᠵᠢᠯ᠎ᠤᠨ ᠭᠠᠵᠠᠷ᠎ᠤᠨ ᠬᠠᠮᠢᠶ᠎ᠠ ᠪᠦᠬᠦᠢ ᠨᠥᠬᠥᠳ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠪᠠ ᠠᠵᠢᠯᠲᠠᠨ᠂ ᠡᠯ᠎ᠡ ᠱᠠᠲᠤᠨ᠎ᠤ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ 150 ᠬᠥᠮᠥᠨ ᠤᠷᠤᠯᠴᠠᠬᠰᠠᠨ ᠪᠠᠢ᠌ᠨ᠎ᠠ᠃