ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠲᠢᠩᠬᠢᠮ᠎ᠤᠨ ᠳᠡᠳ᠋ ᠳᠠᠷᠤᠭ᠎ᠠ ᠬᠥᠩ ᠸᠧᠢ ᠴᠦᠨ ᠪᠦᠯᠬᠦᠮ ᠳᠠᠭ᠋ᠠᠭᠤᠯᠤᠨ ᠦᠬᠠᠢ ᠬᠣᠲᠠ᠂ ᠪᠠᠶᠠᠨᠨᠠᠭᠤᠷ ᠬᠣᠲᠠ᠂ ᠪᠤᠭᠤᠲᠤ ᠬᠣᠲᠠ᠎ᠳᠤ ᠬᠦᠷᠴᠦ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2023-06-09

     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠥᠩ ᠸᠧᠢ ᠴᠦᠨ 6 ᠳ᠋ᠤᠭ᠋ᠠᠷ ᠰᠠᠷ᠎ᠠ ᠵᠢᠨ 4᠎ᠤ ᠡᠳᠦᠷ᠎ᠠᠴᠠ 8᠎ᠤ ᠡᠳᠦᠷ ᠪᠣᠯᠲᠠᠯ᠎ᠠ ᠪᠦᠯᠬᠦᠮ ᠳᠠᠭ᠋ᠠᠭᠤᠯᠤᠨ  ᠦᠬᠠᠢ ᠬᠣᠲᠠ᠂ ᠪᠠᠶᠠᠨᠨᠠᠭᠤᠷ ᠬᠣᠲᠠ᠂ ᠪᠤᠭᠤᠲᠤ ᠬᠣᠲᠠ᠎ᠳᠤ ᠬᠦᠷᠴᠦ᠂ ᠱ᠌ᠢ ᠵᠢᠨ ᠫᠢᠡᠭ ᠶᠡᠷᠦᠩᠬᠡᠢ ᠱᠦᠵᠢ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠋ᠠᠨ᠎ᠳᠤ᠎ᠬᠢ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ᠃ ᠬᠡᠦᠬᠡᠳ᠎ᠤᠨ ᠠᠰᠠᠷᠠᠮᠵᠢ ᠵᠢᠨ ᠭᠠᠵᠠᠷ᠎ᠤᠨ ᠳᠠᠷᠤᠭ᠎ᠠ ᠸᠠᠩ ᠪᠦᠦ ᠸᠸᠨ᠂ ᠬᠣᠯᠪᠣᠭᠳᠠᠯ ᠪᠦᠬᠦᠢ ᠠᠢ᠌ᠮᠠᠭ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠳᠠᠳ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃
W020230609541409412750.png   

     ᠪᠠᠢ᠌ᠴᠠᠭ᠋ᠠᠨ  ᠰᠤᠳᠤᠯᠬᠤ ᠳᠤᠭᠤᠢ᠌ᠯᠠᠩ᠎ᠤᠨ᠎ᠬᠢᠨ ᠦᠬᠠᠢ ᠬᠣᠲᠠ᠂ ᠪᠠᠶᠠᠨᠨᠠᠭᠤᠷ ᠬᠤᠳᠠ᠂ ᠪᠤᠭᠤᠲᠤ ᠬᠣᠲᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ (ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ)᠂ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠲᠥᠪ᠂ ᠬᠠᠢ᠌ᠷᠤᠪ᠎ᠤᠨ ᠲᠣᠬᠣᠢ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠯᠢᠨᠾᠧ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠵᠢᠤᠶᠤᠸᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠸᠠᠨ ᠱᠦᠢ ᠴᠢᠤᠸᠠᠨ ᠪᠠᠯᠭ᠋ᠠᠰᠤᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠥᠷᠲᠡᠭᠡ᠎ᠳᠤ ᠥᠨᠥᠴᠢᠨ ᠵᠡᠮᠳᠡᠭ ᠬᠡᠦᠬᠡᠳ᠎ᠢ ᠠᠰᠠᠷᠠᠨ ᠬᠥᠮᠥᠵᠢᠭᠦᠯᠬᠦ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠠᠮᠢᠳᠤᠷᠠᠯ᠎ᠤᠨ ᠬᠥᠮᠦᠵᠢᠯ᠎ᠤᠨ ᠪᠠᠲᠤᠯᠠᠭ᠎ᠠ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ  ᠬᠠᠯᠠᠮᠵᠢᠯᠠᠬᠤ ᠦᠢ᠍ᠯᠡᠴᠢᠯᠡᠭᠡᠨ᠎ᠤ ᠪᠠᠢ᠌ᠳᠠᠯ᠎ᠢ ᠨᠠᠷᠢᠨ ᠣᠢ᠌ᠯᠠᠭ᠋ᠠᠪᠠ᠃、

W020230609541409630149.png    

     ᠪᠠᠢ᠌ᠴᠠᠭ᠋ᠠᠨ  ᠰᠤᠳᠤᠯᠬᠤ ᠳᠤᠭᠤᠢ᠌ᠯᠠᠩ᠎ᠤᠨ᠎ᠬᠢᠨ ᠦᠬᠠᠢ ᠬᠣᠲᠠ᠂ ᠪᠠᠶᠠᠨᠨᠠᠭᠤᠷ ᠬᠣᠲᠠ᠂ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂ ᠨᠠᠰᠤᠨ᠎ᠳᠤ ᠦᠯᠤ ᠬᠦᠷᠦᠭᠰᠡᠳ᠎ᠢ ᠲᠤᠰᠠᠯᠠᠬᠤ ᠪᠠᠢ᠌ᠭᠤᠯᠤᠮᠵᠢ ᠵᠢᠨ  ᠬᠠᠷᠢᠭᠤᠴᠠᠯᠭ᠋ᠠᠳᠠᠳ᠎ᠲᠠᠢ ᠬᠠᠮᠲᠤ᠂ ᠠᠢ᠌ᠮᠠᠭ ᠬᠣᠲᠠ ᠪᠣᠯᠣᠨ ᠬᠡᠰᠡᠭ ᠬᠣᠰᠢᠭᠤ ᠰᠢᠶᠠᠨ᠎ᠤ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠬᠠᠤᠯᠢ ᠴᠠᠭ᠋ᠠᠵᠠ ᠵᠢᠨ ᠲᠣᠪᠴᠢᠶ᠎ᠠ᠂ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ᠂ ᠵᠡᠮᠳᠡᠭᠴᠦᠳ᠎ᠤᠨ ᠬᠣᠯᠪᠣᠭ᠎ᠠ᠂ ᠡᠮᠡᠭᠲᠡᠢ᠌ᠴᠦᠳ᠎ᠤᠨ ᠬᠣᠯᠪᠣᠭ᠎ᠠ ᠵᠢᠨ ᠬᠠᠮᠢᠶ᠎ᠠ ᠪᠦᠬᠦᠢ ᠬᠥᠮᠥᠰ᠎ᠲᠠᠢ ᠶᠠᠷᠢᠯᠴᠠᠬᠤ ᠬᠤᠷᠠᠯ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠰᠢ ᠵᠢᠨ ᠫᠢᠩ ᠶᠡᠷᠦᠩᠬᠡᠢ ᠱᠦᠵᠢ ᠵᠢᠨ ᠬᠣᠯᠪᠣᠭᠳᠠᠯ ᠪᠦᠬᠦᠢ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ  ᠨᠠᠢ᠌ᠳᠠᠪᠤᠷᠢᠵᠢᠭᠤᠯᠤᠬᠰᠠᠨ ᠪᠠᠢ᠌ᠳᠠᠯ᠎ᠢ ᠰᠣᠨᠣᠰᠴᠤ᠂ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠲᠤᠰᠬᠠᠢ ᠵᠠᠰᠠᠯᠲᠠ ᠵᠢᠨ 《ᠡᠷᠬᠢᠨ ᠬᠠᠷᠠᠬᠤ》 ᠠᠵᠢᠯ᠎ᠢ ᠭᠦᠨᠵᠡᠭᠡᠢ ᠥᠷᠨᠢᠭᠦᠯᠵᠦ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠶᠠᠰᠤ ᠴᠢᠨᠠᠷ᠎ᠢ  ᠰᠢᠯᠢᠳᠡᠭᠵᠢᠬᠦᠯᠬᠦ ᠵᠢ ᠠᠬᠢᠭᠤᠯᠤᠨ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠠᠮᠢᠳᠤᠷᠠᠯ ᠪᠠ ᠰᠤᠷᠭ᠋ᠠᠨ ᠬᠥᠮᠦᠵᠢᠯ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠨᠠᠷᠢᠯᠢᠭ ᠬᠡᠷᠡᠭᠵᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠦᠢ᠍ᠯᠡᠴᠢᠯᠡᠭᠡ ᠵᠢ ᠨᠠᠷᠢᠯᠢᠭ ᠣᠨᠣᠴᠠᠲᠠᠢ᠎ᠪᠠᠷ ᠥᠷᠨᠢᠭᠦᠯᠦᠭᠰᠡᠨ ᠪᠠᠢ᠌ᠳᠠᠯ᠎ᠢ ᠪᠠᠢ᠌ᠴᠠᠭ᠋ᠠᠪᠠ᠃ ᠪᠠᠢ᠌ᠴᠠᠭ᠋ᠠᠨ  ᠰᠤᠳᠤᠯᠬᠤ ᠳᠤᠭᠤᠢ᠌ᠯᠠᠩ᠎ᠤᠨ᠎ᠬᠢᠨ ᠬᠤᠷᠠᠯ᠎ᠳᠤ ᠣᠷᠣᠯᠴᠠᠭᠰᠠᠳ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠮᠠᠳᠠᠭ᠎ᠲᠠᠢ ᠠᠰᠠᠭᠤᠳᠠᠯ᠎ᠢ ᠬᠠᠷᠢᠯᠴᠠᠨ ᠲᠠᠢ᠌ᠯᠪᠤᠷᠢᠯᠠᠵᠤ᠂ ᠬᠠᠮᠲᠤ ᠵᠢᠨ ᠲᠠᠨᠢᠯᠲᠠ᠎ᠪᠠᠨ ᠨᠡᠮᠡᠭᠳᠡᠭᠦᠯᠵᠦ᠂ ᠬᠠᠯᠠᠮᠵᠢᠯᠠᠨ ᠬᠠᠮᠠᠭ᠋ᠠᠯᠠᠬᠤ ᠬᠠᠮ ᠬᠦᠴᠦᠨ᠎ᠢ ᠨᠢᠭᠲᠠᠷᠠᠭᠤᠯᠵᠠᠢ᠃
 W020230609541409676905.png   

     ᠶᠠᠷᠢᠯᠴᠠᠬᠤ ᠬᠤᠷᠠᠯ ᠳᠡᠭᠡᠷ᠎ᠡ ᠬᠥᠩ ᠸᠧᠢ ᠴᠦᠨ᠂ ᠬᠣᠯᠪᠣᠭᠳᠠᠯ ᠪᠦᠬᠦᠢ ᠠᠢ᠌ᠮᠠᠭ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠠᠵᠢᠯ᠎ᠢ ᠭᠦᠢ᠍ᠴᠡᠳ ᠨᠤᠲᠠᠯᠠᠵᠤ᠂ ᠡᠯ᠎ᠡ ᠠᠢ᠌ᠮᠠᠭ ᠬᠤᠳᠠ ᠵᠢᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠠᠯᠢᠪᠠ ᠪᠦᠬᠦᠨ ᠬᠡᠦᠬᠡᠳ᠎ᠤᠨ ᠲᠥᠯᠥᠭᠡ᠂ ᠬᠡᠦᠬᠡᠳ᠎ᠤᠨ ᠠᠯᠢᠪᠠ ᠪᠦᠬᠦᠨ᠎ᠤ ᠲᠥᠯᠥᠭᠡ》 ᠭᠡᠬᠦ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠬᠠᠯᠠᠭᠤᠨ ᠳᠤᠯᠠᠭ᠋ᠠᠨ᠂ ᠬᠠᠢ᠌ᠷ᠎ᠠ ᠬᠠᠯᠠᠮᠵᠢ᠎ᠲᠠᠢ ᠬᠠᠮᠠᠭ᠋ᠠᠯᠠᠯᠲᠠ ᠵᠢᠨ ᠲᠣᠣᠷ ᠰᠦᠯᠵᠢᠶ᠎ᠡ ᠵᠢ ᠪᠠᠢ᠌ᠭᠤᠯᠵᠤ ᠥᠭᠴᠡᠢ ᠭᠡᠵᠦ ᠦᠵᠡᠭᠰᠡᠨ᠎ᠤ ᠬᠠᠮᠳᠤ ᠵᠢᠭ᠋ᠠᠬᠰᠠᠨ᠎ᠨᠢ᠂ ᠤᠯᠤᠰ ᠲᠥᠷᠥ᠎ᠪᠠᠷ ᠳᠠᠭ᠋ᠠᠭᠤᠯᠬᠤ ᠵᠢ ᠲᠡᠷᠢᠭᠦᠨ᠎ᠳᠤ ᠲᠠᠯᠪᠢᠬᠤ ᠬᠡᠷᠡᠭᠲᠡᠢ᠂ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠠᠵᠢᠯ᠎ᠢ ᠴᠢᠩᠭ᠋ᠠᠳᠬᠠᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠶᠠᠰᠤ ᠴᠢᠨᠠᠷ᠎ᠢ ᠳᠡᠭᠡᠭᠰᠢᠯᠡᠭᠦᠯᠬᠦ ᠎ᠪᠠᠷ ᠭᠣᠣᠯᠳᠠᠯᠭ᠎ᠠ ᠪᠣᠯᠭ᠋ᠠᠵᠤ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠰᠠᠷᠠᠨ ᠲᠡᠵᠢᠭᠡᠬᠦ᠂ ᠰᠤᠷᠭ᠋ᠠᠨ ᠬᠥᠮᠥᠵᠢᠭᠦᠯᠬᠦ᠂ ᠡᠷᠡᠭᠦᠯ ᠮᠡᠨᠳᠦ ᠵᠢ ᠬᠠᠮᠠᠭ᠋ᠠᠯᠠᠬᠤ ᠨᠡᠢ᠌ᠭᠡᠮ᠎ᠤᠨ ᠠᠵᠢᠯ᠎ᠢ ᠨᠢᠭᠡ ᠴᠣᠭᠴᠠᠵᠢᠭᠤᠯᠤᠨ ᠴᠢᠨᠠᠷᠯᠢᠭ ᠬᠥᠭᠵᠢᠭᠦᠯᠬᠦ ᠵᠢ ᠠᠬᠢᠭᠤᠯᠵᠤ᠂ ᠬᠠᠯᠠᠮᠵᠢᠯᠠᠨ  ᠦᠢ᠍ᠯᠡᠴᠢᠯᠡᠬᠦ᠎ᠪᠠᠷ ᠦᠨᠳᠦᠰᠦ ᠪᠣᠯᠭ᠋ᠠᠵᠤ᠂ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠬᠦᠷᠲᠡᠭᠡᠵᠦ᠂ ᠨᠠᠮ᠎ᠤᠨ ᠬᠠᠢ᠌ᠷ᠎ᠠ ᠬᠠᠯᠠᠮᠵᠢ ᠵᠢ ᠬᠡᠦᠬᠡᠳ ᠨᠢᠬᠡ ᠪᠦᠷᠢ᠎ᠳᠤ ᠳᠠᠮᠵᠢᠭᠤᠯᠬᠤ ᠬᠡᠷᠡᠭᠲᠡᠢ᠃


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠭᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ 《ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠤᠯᠬᠤ ᠠᠵᠢᠯᠯᠠᠭ᠎ᠠ》 ᠵᠢᠨ ᠪᠠᠢ᠌ᠷᠢᠯᠠᠭᠤᠯᠤᠯᠲᠠ ᠵᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠵᠡᠮᠳᠡᠭᠷᠡᠬᠦ᠎ᠠᠴᠠ ᠰᠡᠷᠬᠡᠢ᠌ᠯᠡᠬᠦ ᠰᠠᠢ᠌ᠨ ᠲᠤᠷᠠᠴᠤᠤᠯ᠎ᠤᠨ ᠠᠵᠢᠯᠯᠠᠭ᠎ᠠ ᠦᠷᠨᠢᠬᠦᠯᠪᠡ
ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠨᠠᠮ᠎ᠤᠨ ᠬᠤᠷᠢᠶ᠎ᠠ ᠵᠢᠨ᠎ᠬᠢᠨ ᠨᠠᠮ᠎ᠳᠤ ᠡᠯᠰᠡᠬᠦ᠎ᠪᠠᠷ ᠬᠦᠮᠤᠵᠢᠬᠦᠯᠵᠤ ᠪᠠᠢ᠌ᠭ᠎ᠠ ᠬᠦᠮᠦᠰ ᠪᠠ ᠨᠠᠮ᠎ᠳᠤ ᠣᠷᠣᠬᠤ ᠢᠳᠡᠪᠬᠢᠲᠡᠨ᠎ᠤ ᠪᠣᠯᠪᠠᠰᠤᠷᠠᠯ ᠡᠷᠭᠢᠯᠡᠪᠡ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠵᠢᠯᠤᠭᠣᠳᠬᠤ ᠳᠤᠭᠤᠢ᠌ᠯᠠᠩ᠎ᠤᠨ᠎ᠬᠢᠨ ᠣᠶᠤᠲᠠᠳ᠎ᠤᠨ ᠦᠢ᠍ᠯᠡᠰ ᠪᠤᠰᠬᠠᠬᠤ ᠬᠣᠯᠪᠣᠭ᠋ᠠᠲᠤ ᠬᠤᠷᠠᠯ᠎ᠳᠤ ᠭᠦᠨᠵᠡᠭᠡᠢ᠌ᠷᠡᠨ ᠣᠶᠤᠲᠠᠳ᠎ᠤᠨ ᠦᠢ᠍ᠯᠡᠰ ᠪᠤᠰᠬᠠᠵᠤ ᠠᠵᠢᠯ ᠣᠯᠭᠣᠬᠤ᠎ᠳᠤ ᠬᠦᠴᠦᠨ ᠨᠡᠮᠡᠷᠢᠯᠡᠬᠦ ᠬᠤᠷᠠᠯ ᠬᠢᠪᠡ
ᠭᠣᠣᠯ ᠰᠡᠳᠦᠪᠲᠦ ᠬᠥᠮᠦᠵᠢᠯ ᠥᠷᠨᠢᠭᠦᠯᠬᠦ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
 
            