ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠭᠣᠣᠯ ᠰᠡᠳᠦᠪᠲᠦ ᠬᠥᠮᠦᠵᠢᠯ ᠵᠶ᠋ᠡᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠬᠦᠳᠤᠯᠤᠨ ᠠᠬᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2023-06-09

     ᠥᠪᠡᠷᠲᠡᠭᠡᠨ ᠵᠠᠰᠠᠬᠤ ᠣᠷᠣᠨ᠎ᠠᠴᠠ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠬᠤ᠂ ᠦᠷ᠎ᠡ ᠳ᠋ᠦᠩ ᠵᠶ᠋ᠡᠷ ᠤᠳᠤᠷᠢᠳᠤᠮᠵᠢ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠲᠦᠭᠵᠢᠷᠡᠯ᠎ᠢ ᠨᠠᠪᠲᠠᠷᠡᠭᠦᠯᠵᠦ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠮᠵᠢ ᠵᠢ   ᠦᠨᠡᠨ ᠪᠣᠳᠠᠲᠠᠢ ᠠᠵᠢᠯ᠎ᠤᠨ ᠦᠷ᠎ᠡ ᠪᠦᠲᠦᠭᠡᠯ ᠪᠤᠯᠭ᠋ᠠᠨ ᠬᠤᠪᠢᠷᠠᠭᠤᠯᠵᠤ ᠪᠠᠢ᠌ᠨ᠎ᠠ᠃
     ᠨᠠᠮ᠎ᠤᠨ ᠪᠠᠢ᠌ᠭᠤᠯᠤᠯᠲᠠ ᠵᠢᠨ ᠵᠢᠯᠣᠭᠣᠳᠤᠯᠭ᠎ᠠ ᠵᠢ ᠪᠠᠳᠠᠷᠠᠭᠤᠯᠬᠤ ᠵᠢ ᠠᠩᠬᠠᠷᠴᠤ᠂ ᠭᠣᠣᠯᠯᠠᠭᠴᠢ ᠬᠦᠴᠦᠨ᠎ᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ᠎ᠬᠢᠨ᠎ᠤ ᠡᠡᠭᠨᠡᠬᠡᠨ᠎ᠳᠤ ᠣᠷᠣᠬᠤ ᠶᠠᠰᠤ ᠴᠢᠨᠠᠷ᠎ᠢ ᠲᠡᠭᠡᠭᠰᠢᠯᠡᠬᠦᠯᠪᠡ᠃ ᠥᠪᠡᠷᠲᠡᠭᠡᠨ ᠵᠠᠰᠠᠬᠤ ᠣᠷᠣᠨ᠎ᠤ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠢ ᠨᠠᠢ᠌ᠳᠠᠪᠤᠷᠢᠵᠢᠭᠤᠯᠵᠤ᠂ 《ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠷᠭ᠎ᠠ》 ᠵᠢ ᠨᠡᠢ᠌ᠲᠡᠯᠡᠵᠦ᠂ ᠠᠵᠢᠯᠲᠠᠨ᠎ᠤ ᠬᠦᠷᠢᠶ᠎ᠡ ᠬᠡᠪᠴᠢᠶ᠎ᠡ᠂ ᠬᠢᠨᠠᠨ ᠬᠠᠷᠭᠤᠭᠤᠯᠬᠤ ᠵᠠᠷᠴᠢᠮ᠂ ᠦᠨᠳᠦᠰᠦᠨ ᠨᠥᠬᠥᠴᠡᠯ᠂ ᠬᠢᠨᠠᠨ ᠬᠠᠷᠭᠤᠭᠤᠯᠬᠤ ᠲᠠᠰ ᠳᠠᠷᠠᠭ᠋ᠠᠯᠠᠯ᠂ ᠰᠢᠯᠭ᠋ᠠᠨ ᠦᠨᠡᠯᠡᠬᠦ ᠠᠷᠭ᠎ᠠ ᠵᠡᠷᠭᠡ ᠱᠠᠭ᠋ᠠᠷᠳᠠᠯᠭ᠎ᠠ ᠪᠠᠷᠢᠮᠵᠢᠶ᠎ᠠ ᠪᠠ ᠠᠵᠢᠯ᠎ᠤᠨ ᠠᠷᠭ᠎ᠠ ᠵᠢ ᠤᠯᠠᠮ ᠴᠢᠨᠠᠬᠰᠢᠳᠠ ᠲᠣᠳᠣᠷᠬᠠᠢ᠌ᠯᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠪᠠ ᠨᠠᠮ᠎ᠤᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠲᠤᠰᠢᠶᠠᠯ ᠡᠬᠦᠷᠬᠡᠯᠡᠬᠦ ᠪᠣᠭᠣᠮᠲᠠ ᠵᠢ ᠡᠬᠢ ᠡᠭᠦᠰᠦᠯ᠎ᠠᠴᠠ᠎ᠨᠢ ᠰᠠᠢ᠌ᠲᠤᠷ ᠠᠳᠬᠤᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠠᠡᠭᠰᠠᠯᠠᠬᠤ ᠶᠠᠰᠤ ᠴᠢᠨᠠᠷ᠎ᠢ  ᠲᠡᠭᠡᠭᠰᠢᠯᠡᠬᠦᠯᠪᠡ᠃
     ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠪᠣᠳᠣᠯᠬᠢᠯᠠᠨ᠂ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠪᠡ᠃ ᠣᠯᠠᠨ ᠲᠦᠮᠡᠨ᠎ᠤ ᠬᠠᠷᠠᠭ᠋ᠠᠰᠤ᠎ᠪᠠᠷ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠵᠣᠯᠭ᠋ᠠᠭᠤᠯᠵᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠬᠦ ᠵᠢ ᠠᠬᠢᠭᠤᠯᠵᠤ᠂ ᠰᠢᠨ᠎ᠡ᠎ᠪᠠᠷ ᠪᠠᠢ᠌ᠭᠤᠯᠤᠭᠰᠠᠨ ᠵᠣᠬᠢᠶᠠᠨ ᠪᠠᠢ᠌ᠭᠤᠯᠤᠯᠲᠠ ᠵᠢᠨ ᠪᠡᠯᠡ ᠰᠢᠯᠭ᠋ᠠᠭᠰᠠᠨ ᠮᠡᠳᠡᠭᠦᠯᠦᠯᠲᠡ ᠪᠠ ᠣᠨ᠎ᠤ ᠪᠠᠢ᠌ᠴᠠᠭ᠋ᠠᠯᠲᠠ ᠵᠢᠨ ᠬᠢᠨᠠᠨ ᠪᠣᠳᠣᠯᠲᠠ ᠵᠢᠨ ᠮᠡᠳᠡᠭᠦᠯᠦᠯᠲᠡ ᠵᠢ ᠬᠦᠴᠦᠨ ᠦᠭᠡᠢ ᠪᠤᠯᠭ᠋ᠠᠪᠠ᠃      ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ ᠵᠢᠨ ᠮᠠᠲ᠋ᠧᠷᠢᠶᠠᠯ᠎ᠢ 1300 ᠭᠠᠷᠤᠢ ᠬᠤᠪᠢ ᠪᠠᠭ᠋ᠠᠰᠬᠠᠵᠤ᠂ ᠬᠢᠨᠠᠨ ᠵᠥᠪᠰᠢᠶᠡᠷᠡᠬᠦ ᠴᠠᠭ᠎ᠢ 15 ᠠᠵᠢᠯᠯᠠᠬᠤ ᠡᠳᠦᠷ ᠪᠤᠯᠭ᠋ᠠᠵᠤ᠂ 67 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠦᠨ᠎ᠡ ᠲᠥᠯᠥᠪᠦᠷᠢ ᠦᠭᠡᠢ᠎ᠪᠠᠷ ᠡᠳ᠋᠎ᠤᠨ ᠶᠠᠪᠤᠳᠠᠯ᠎ᠤᠨ ᠬᠢᠨᠠᠨ ᠪᠣᠳᠣᠯᠲᠠ ᠵᠢᠨ ᠮᠡᠳᠡᠭᠦᠯᠦᠯᠲᠡ ᠭᠠᠷᠭ᠋ᠠᠵᠤ ᠥᠭᠪᠡ᠃ 
     ᠦᠢ᠍ᠯᠡᠳᠦᠯ ᠵᠶ᠋ᠡᠨ ᠪᠠᠳᠠᠷᠠᠭᠤᠯᠬᠤ ᠵᠢ ᠠᠩᠬᠠᠷᠴᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠪᠦᠬᠦ ᠲᠠᠯ᠎ᠠ᠎ᠪᠠᠷ ᠬᠦᠴᠦᠨ ᠨᠡᠮᠡᠷᠢᠯᠡᠪᠡ᠃ 《ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ᠂ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ᠂ ᠬᠠᠷᠢᠯᠴᠠᠨ ᠠᠰᠢᠭ ᠣᠯᠭᠣᠵᠤ ᠬᠠᠮᠳᠤ᠎ᠪᠠᠷ ᠠᠰᠢᠭ ᠭᠥᠷᠳᠡᠬᠦ》 ᠵᠠᠷᠴᠢᠮ᠎ᠢ ᠪᠠᠷᠢᠮᠲᠠᠯᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠢᠯᠤᠭᠣᠳᠴᠤ ᠪᠠᠢ᠌ᠭ᠋ᠠᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠢᠳᠡᠪᠬᠢᠲᠡᠢ ᠣᠷᠣᠯᠴᠠᠭᠤᠯᠵᠤ᠂ ᠠᠵᠤ ᠦᠢ᠍ᠯᠡᠰ ᠵᠶ᠋ᠡᠷ ᠲᠡᠳᠬᠦᠬᠦ᠂ ᠰᠣᠶᠣᠯ ᠵᠶ᠋ᠠᠷ  ᠲᠡᠳᠬᠦᠬᠦ᠂ ᠴᠢᠳᠠᠪᠤᠷᠢᠲᠠᠨ ᠵᠶ᠋ᠠᠷ ᠲᠡᠳᠬᠦᠬᠦ᠂ ᠬᠡᠷᠡᠭᠯᠡᠭᠡ᠎ᠪᠠᠷ ᠲᠡᠳᠬᠦᠬᠦ᠎ᠳᠤ ᠬᠦᠴᠦ  ᠨᠡᠮᠡᠷᠢᠯᠡᠪᠡ᠃  ᠤᠳᠤ ᠪᠤᠯᠳᠠᠯ᠎ᠠ ᠡᠯ᠎ᠡ ᠲᠦᠷᠦᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 267 ᠲᠦᠷᠦᠯ ᠵᠦᠢ᠍ᠯ᠎ᠲᠠᠢ ᠵᠣᠯᠭ᠋ᠠᠭᠤᠯᠵᠤ᠂ 1.7 ᠳ᠋ᠦᠩᠰᠢᠭᠤᠷ ᠭᠠᠷᠤᠢ ᠲᠥᠭᠥᠷᠢᠭ᠎ᠤᠨ ᠪᠡᠯᠡ ᠬᠤᠷᠠᠮᠳᠤᠭᠤᠯᠵᠠᠢ᠃





ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠭᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠢᠩᠬᠢᠮ᠎ᠤᠨ ᠳᠡᠳ᠋ ᠳᠠᠷᠤᠭ᠎ᠠ ᠬᠥᠩ ᠸᠧᠢ ᠴᠦᠨ ᠪᠦᠯᠬᠦᠮ ᠳᠠᠭ᠋ᠠᠭᠤᠯᠤᠨ ᠦᠬᠠᠢ ᠬᠣᠲᠠ᠂ ᠪᠠᠶᠠᠨᠨᠠᠭᠤᠷ ᠬᠣᠲᠠ᠂ ᠪᠤᠭᠤᠲᠤ ᠬᠣᠲᠠ᠎ᠳᠤ ᠬᠦᠷᠴᠦ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠮᠠᠨ᠎ᠤ ᠣᠷᠣᠨ 《ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠤᠯᠬᠤ ᠠᠵᠢᠯᠯᠠᠭ᠎ᠠ》 ᠵᠢᠨ ᠪᠠᠢ᠌ᠷᠢᠯᠠᠭᠤᠯᠤᠯᠲᠠ ᠵᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠵᠡᠮᠳᠡᠭᠷᠡᠬᠦ᠎ᠠᠴᠠ ᠰᠡᠷᠬᠡᠢ᠌ᠯᠡᠬᠦ ᠰᠠᠢ᠌ᠨ ᠲᠤᠷᠠᠴᠤᠤᠯ᠎ᠤᠨ ᠠᠵᠢᠯᠯᠠᠭ᠎ᠠ ᠦᠷᠨᠢᠬᠦᠯᠪᠡ
ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠨᠠᠮ᠎ᠤᠨ ᠬᠤᠷᠢᠶ᠎ᠠ ᠵᠢᠨ᠎ᠬᠢᠨ ᠨᠠᠮ᠎ᠳᠤ ᠡᠯᠰᠡᠬᠦ᠎ᠪᠠᠷ ᠬᠦᠮᠤᠵᠢᠬᠦᠯᠵᠤ ᠪᠠᠢ᠌ᠭ᠎ᠠ ᠬᠦᠮᠦᠰ ᠪᠠ ᠨᠠᠮ᠎ᠳᠤ ᠣᠷᠣᠬᠤ ᠢᠳᠡᠪᠬᠢᠲᠡᠨ᠎ᠤ ᠪᠣᠯᠪᠠᠰᠤᠷᠠᠯ ᠡᠷᠭᠢᠯᠡᠪᠡ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠵᠢᠯᠤᠭᠣᠳᠬᠤ ᠳᠤᠭᠤᠢ᠌ᠯᠠᠩ᠎ᠤᠨ᠎ᠬᠢᠨ ᠣᠶᠤᠲᠠᠳ᠎ᠤᠨ ᠦᠢ᠍ᠯᠡᠰ ᠪᠤᠰᠬᠠᠬᠤ ᠬᠣᠯᠪᠣᠭ᠋ᠠᠲᠤ ᠬᠤᠷᠠᠯ᠎ᠳᠤ ᠭᠦᠨᠵᠡᠭᠡᠢ᠌ᠷᠡᠨ ᠣᠶᠤᠲᠠᠳ᠎ᠤᠨ ᠦᠢ᠍ᠯᠡᠰ ᠪᠤᠰᠬᠠᠵᠤ ᠠᠵᠢᠯ ᠣᠯᠭᠣᠬᠤ᠎ᠳᠤ ᠬᠦᠴᠦᠨ ᠨᠡᠮᠡᠷᠢᠯᠡᠬᠦ ᠬᠤᠷᠠᠯ ᠬᠢᠪᠡ
 
            