ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠵᠡᠮᠳᠡᠭᠷᠡᠬᠦ᠎ᠠᠴᠠ ᠰᠡᠷᠬᠡᠢ᠌ᠯᠡᠬᠦ ᠰᠠᠢ᠌ᠨ ᠲᠤᠷᠠᠴᠤᠤᠯ᠎ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2023-06-13

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠬᠡᠷᠡᠭᠰᠡᠯ᠎ᠤᠨ ᠲᠥᠪ᠎ᠤᠨ ᠨᠠᠮ᠎ᠤᠨ ᠭᠡᠰᠢᠭᠦᠨ ᠪᠠ ᠨᠠᠮ᠎ᠳᠤ ᠤᠷᠤᠬᠤ᠎ᠪᠠᠷ ᠪᠠᠢ᠌ᠭ᠎ᠠ ᠢᠳᠡᠪᠬᠢᠳᠡᠳ ᠤᠷᠴᠢᠮ᠎ᠳᠤ ᠰᠠᠢ᠌ᠬᠠᠨ ᠲᠣᠭᠣᠷᠢᠭ᠎ᠤᠨ ᠬᠤᠸᠠᠬᠤᠰᠢᠭᠤ ᠪᠠᠯᠭ᠋ᠠᠰᠤᠨ᠎ᠤ ᠴᠢᠯᠠᠭᠤᠨ ᠬᠦᠮᠦᠨ᠎ᠤ ᠲᠤᠬᠤᠢ ᠲᠣᠰᠬᠣᠨ᠎ᠤ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ ᠬᠦᠷᠴᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠵᠡᠮᠳᠡᠭᠷᠡᠬᠦ᠎ᠠᠴᠠ ᠰᠡᠷᠭᠡᠢ᠌ᠯᠡᠬᠦ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠰᠢᠷᠢᠰ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃


     ᠲᠤᠰ ᠠᠵᠢᠯᠯᠠᠭ᠎ᠠ᠎ᠨᠢ ᠨᠠᠮ᠎ᠤᠨ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠣᠨᠣᠯ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠣᠯᠠᠨ ᠲᠦᠮᠡᠨ᠎ᠳᠤ ᠦᠨᠳᠦᠰᠦᠲᠡᠨ᠎ᠤ ᠪᠦᠯᠬᠦᠮᠳᠡᠯ᠂ ᠦᠨᠳᠦᠰᠦᠲᠡᠨ᠎ᠤ ᠡᠶ᠎ᠡ ᠵᠣᠬᠢᠴᠠᠯ᠎ᠤᠨ ᠣᠢ᠌ᠯᠠᠭ᠋ᠠᠭᠳᠠᠬᠤᠨ᠎ᠢ ᠤᠯᠠᠮᠵᠢᠯᠠᠵᠤ᠂ ᠣᠯᠠᠨ ᠲᠦᠮᠡᠨ᠎ᠤ ᠦᠨᠳᠦᠰᠦᠲᠡᠨ᠎ᠤ ᠪᠦᠯᠬᠦᠮᠳᠡᠯ᠎ᠤᠨ ᠤᠬᠠᠮᠰᠠᠷ ᠪᠠ ᠨᠢᠭᠲᠠᠷᠠᠯ᠎ᠤᠨ ᠬᠦᠴᠦᠨ᠎ᠢ ᠴᠢᠷᠮᠠᠢ᠌ᠨ ᠲᠡᠭᠡᠭᠰᠢᠯᠡᠬᠦᠯᠦᠭᠰᠡᠨ᠎ᠤ ᠬᠠᠮᠲᠤ ᠲᠣᠰᠬᠣᠨ᠎ᠤ ᠠᠷᠠᠳ᠎ᠢ ᠵᠣᠬᠢᠶᠠᠨ ᠪᠠᠢ᠌ᠭᠤᠯᠤᠨ ᠵᠡᠮᠳᠡᠭᠷᠡᠬᠦ᠎ᠠᠴᠠ ᠰᠡᠷᠭᠡᠢ᠌ᠯᠡᠬᠦ ᠬᠥᠮᠦᠵᠢᠯ᠎ᠤᠨ ᠸᠢᠳᠢᠤ᠋ ᠵᠢ ᠦᠵᠡᠭᠦᠯᠵᠦ᠂ ᠵᠡᠮᠳᠡᠭᠷᠡᠬᠦ᠎ᠠᠴᠠ ᠬᠡᠷᠬᠢᠨ ᠰᠡᠷᠭᠡᠢ᠌ᠯᠡᠬᠦ ᠪᠠ ᠪᠠᠭ᠋ᠠᠰᠬᠠᠬᠤ ᠵᠢ ᠣᠢ᠌ᠯᠠᠭ᠋ᠠᠭᠤᠯᠵᠤ᠂ ᠵᠡᠮᠳᠡᠭᠷᠡᠬᠦ ᠵᠢ ᠰᠡᠷᠭᠡᠢ᠌ᠯᠡᠬᠦ ᠴᠢᠳᠠᠪᠤᠷᠢ ᠪᠠ ᠤᠬᠠᠮᠰᠠᠷ᠎ᠢ᠎ᠨᠢ ᠲᠡᠭᠡᠭᠰᠢᠯᠡᠬᠦᠯᠪᠡ᠃ ᠠᠵᠢᠯᠯᠠᠭ᠎ᠠ ᠵᠢᠨ ᠰᠡᠬᠦᠯ᠎ᠳᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠤᠬᠠᠢ ᠮᠡᠳᠡᠯᠭᠡ ᠵᠢ ᠤᠬᠠᠭᠤᠯᠤᠨ  ᠲᠠᠢ᠌ᠯᠪᠤᠷᠢᠯᠠᠵᠤ᠂ ᠲᠤᠰᠠᠯᠠᠬᠤ ᠪᠠᠭ᠋ᠠᠵᠢ ᠬᠡᠷᠡᠭᠯᠡᠬᠦ᠎ᠳᠤ ᠠᠩᠬᠠᠷᠬᠤ ᠵᠦᠢ᠍ᠯ ᠪᠠ ᠪᠠᠢ᠌ᠩᠭᠤ ᠲᠣᠬᠢᠶᠠᠯᠳᠤᠬᠤ ᠠᠰᠠᠭᠤᠳᠠᠯ᠎ᠢ ᠣᠯᠠᠨ᠎ᠳᠤ ᠨᠠᠩ ᠭᠦᠨᠵᠡᠭᠡᠢ ᠤᠢ᠌ᠯᠠᠭ᠋ᠠᠭᠤᠯᠤᠬᠰᠠᠨ ᠪᠠᠢ᠌ᠨ᠎ᠠ᠃



ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠨᠠᠮ᠎ᠤᠨ ᠬᠤᠷᠢᠶ᠎ᠠ ᠵᠢᠨ᠎ᠬᠢᠨ ᠨᠠᠮ᠎ᠳᠤ ᠡᠯᠰᠡᠬᠦ᠎ᠪᠠᠷ ᠬᠦᠮᠤᠵᠢᠬᠦᠯᠵᠤ ᠪᠠᠢ᠌ᠭ᠎ᠠ ᠬᠦᠮᠦᠰ ᠪᠠ ᠨᠠᠮ᠎ᠳᠤ ᠣᠷᠣᠬᠤ ᠢᠳᠡᠪᠬᠢᠲᠡᠨ᠎ᠤ ᠪᠣᠯᠪᠠᠰᠤᠷᠠᠯ ᠡᠷᠭᠢᠯᠡᠪᠡ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠵᠢᠯᠤᠭᠣᠳᠬᠤ ᠳᠤᠭᠤᠢ᠌ᠯᠠᠩ᠎ᠤᠨ᠎ᠬᠢᠨ ᠣᠶᠤᠲᠠᠳ᠎ᠤᠨ ᠦᠢ᠍ᠯᠡᠰ ᠪᠤᠰᠬᠠᠬᠤ ᠬᠣᠯᠪᠣᠭ᠋ᠠᠲᠤ ᠬᠤᠷᠠᠯ᠎ᠳᠤ ᠭᠦᠨᠵᠡᠭᠡᠢ᠌ᠷᠡᠨ ᠣᠶᠤᠲᠠᠳ᠎ᠤᠨ ᠦᠢ᠍ᠯᠡᠰ ᠪᠤᠰᠬᠠᠵᠤ ᠠᠵᠢᠯ ᠣᠯᠭᠣᠬᠤ᠎ᠳᠤ ᠬᠦᠴᠦᠨ ᠨᠡᠮᠡᠷᠢᠯᠡᠬᠦ ᠬᠤᠷᠠᠯ ᠬᠢᠪᠡ
ᠭᠣᠣᠯ ᠰᠡᠳᠦᠪᠲᠦ ᠬᠥᠮᠦᠵᠢᠯ ᠥᠷᠨᠢᠭᠦᠯᠬᠦ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠦᠷᠪᠡᠳᠤᠬᠡᠷ ᠤᠳᠠᠭ᠋ᠠᠨ᠎ᠤ ᠪᠦᠬᠦᠳᠡ ᠬᠤᠷᠠᠯ ᠬᠤᠷᠠᠯᠳᠤᠪᠠ
ᠥᠪᠥᠷ ᠮᠣᠩᠭᠣᠯ᠎ᠳᠤ᠎ᠬᠢ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠡᠭᠦᠷ᠎ᠤᠨ᠎ᠬᠢᠨ 《7 · 1᠎ᠢ ᠤᠭᠲᠤᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
            