ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ 《ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠤᠯᠬᠤ ᠠᠵᠢᠯᠯᠠᠭ᠎ᠠ》 ᠵᠢᠨ ᠪᠠᠢ᠌ᠷᠢᠯᠠᠭᠤᠯᠤᠯᠲᠠ ᠵᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2023-06-13

     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 6 ᠳ᠋ᠤᠭ᠋ᠠᠷ ᠰᠠᠷ᠎ᠠ ᠵᠢᠨ 9 ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠡᠮᠳᠡᠭᠴᠦᠳ᠎ᠤᠨ ᠬᠣᠯᠪᠣᠭ᠎ᠠ ᠵᠢᠨ᠎ᠬᠢᠨ᠎ᠲᠠᠢ ᠬᠠᠮᠲᠤᠷᠠᠨ ᠮᠠᠨ ᠣᠷᠣᠨ᠎ᠤ 《ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠤᠯᠬᠤ ᠠᠵᠢᠯᠯᠠᠭ᠎ᠠ》 ᠵᠢᠨ ᠪᠠᠢ᠌ᠷᠢᠯᠠᠭᠤᠯᠤᠯᠲᠠ ᠵᠢᠨ ᠲᠧᠯᠸᠢᠰ ᠳ᠋ᠢᠶᠠᠩᠬᠤᠸᠠ ᠬᠤᠷᠠᠯ᠎ᠢ ᠬᠤᠷᠠᠯᠳᠤᠭᠤᠯᠵᠤ᠂ ᠤᠯᠤᠰ᠎ᠤᠨ 《ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠤᠯᠬᠤ ᠠᠵᠢᠯᠯᠠᠭ᠎ᠠ》 ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠤᠯᠬᠤ ᠠᠵᠢᠯ᠎ᠢ ᠪᠠᠢ᠌ᠷᠢᠯᠠᠭᠤᠯᠵᠤ᠂ ᠮᠠᠨ᠎ᠤ ᠣᠷᠣᠨ᠎ᠤ ᠣᠶᠤᠨ ᠎ᠤ ᠰᠠᠭ᠋ᠠᠳ᠎ᠲᠠᠢ ᠬᠦᠮᠦᠰ᠎ᠤᠨ ᠨᠡᠢ᠌ᠭᠡᠮ ᠲᠣᠭᠣᠷᠢᠭ᠎ᠤᠨ ᠡᠷᠡᠭᠦᠯᠵᠢᠯ᠎ᠤᠨ ᠦᠢ᠍ᠯᠡᠴᠢᠯᠡᠭᠡᠨ᠎ᠤ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠪᠠ᠃

W020230609605243959962.png


     ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠭᠠᠵᠠᠷ᠎ᠤᠨ᠎ᠬᠢᠨ ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠤᠯᠬᠤ ᠠᠵᠢᠯ᠎ᠢ  ᠶᠡᠬᠡ᠎ᠪᠠᠷ ᠴᠢᠬᠤᠯᠠᠴᠢᠯᠠᠬᠤ ᠬᠡᠷᠡᠭᠲᠡᠢ᠂ ᠣᠶᠤᠨ᠎ᠤ ᠰᠠᠭ᠋ᠠᠳ᠎ᠲᠠᠢ ᠬᠦᠮᠦᠰ᠎ᠤᠨ ᠨᠡᠢ᠌ᠭᠡᠮ ᠲᠣᠭᠣᠷᠢᠭ᠎ᠤᠨ ᠡᠷᠡᠭᠦᠯᠵᠢᠯ᠎ᠤᠨ ᠦᠢ᠍ᠯᠡᠴᠢᠯᠡᠭᠡ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ᠎ᠲᠤ ᠣᠯᠭᠣᠭᠰᠠᠨ ᠡᠬᠦᠷᠬᠡ ᠶᠤᠮ᠃ ᠣᠶᠣᠨ᠎ᠤ ᠰᠠᠭ᠋ᠠᠳ᠎ᠲᠠᠢ ᠬᠦᠮᠤᠰ᠎ᠤᠨ ᠨᠡᠢ᠌ᠭᠡᠮ ᠲᠣᠭᠣᠷᠢᠭ᠎ᠤᠨ ᠡᠷᠡᠭᠦᠯᠵᠢᠯ᠎ᠤᠨ ᠠᠵᠢᠯ᠎ᠢ ᠬᠢᠬᠦ᠎ᠳᠤ ᠲᠥᠪ ᠬᠣᠷᠢᠶᠠᠨ᠎ᠤ ᠰᠢᠨ᠎ᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠎ᠳᠤ ᠰᠠᠭᠤᠷᠢᠯᠠᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢ᠌ᠵᠢᠭᠤᠯᠵᠤ᠂ ᠰᠠᠯᠠᠭ᠎ᠠ ᠮᠥᠴᠢᠷ᠎ᠤᠨ ᠵᠣᠯᠭ᠋ᠠᠯᠴᠠᠭ᠎ᠠ ᠵᠢ ᠰᠠᠢ᠌ᠲᠤᠷ ᠬᠢᠵᠦ᠂ ᠠᠵᠢᠯ᠎ᠤᠨ ᠬᠠᠮ ᠬᠦᠴᠦᠨ᠎ᠢ ᠪᠦᠷᠢᠯᠳᠦᠭᠦᠯᠦᠨ᠂ 《ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠤᠯᠬᠤ》 ᠠᠵᠢᠯ᠎ᠢ ᠬᠠᠮᠲᠤ᠎ᠪᠠᠷ ᠠᠬᠢᠭᠤᠯᠵᠤ᠂ ᠰᠠᠢ᠌ᠨ ᠶᠠᠪᠤᠳᠠᠯ᠎ᠢ ᠦᠨᠡᠨ ᠬᠦ᠌ ᠰᠠᠢ᠌ᠲᠤᠷ ᠬᠢᠵᠦ᠂ ᠪᠣᠳᠠᠲᠤ ᠶᠠᠪᠤᠳᠠᠯ᠎ᠢ ᠪᠣᠳᠠᠲᠠᠢ᠎ᠪᠠᠷ ᠬᠢᠬᠦ ᠬᠡᠷᠡᠭᠲᠡᠢ᠃  ᠬᠦᠭᠵᠢᠬᠦᠯᠤᠯᠳᠡ ᠵᠢᠨ ᠰᠡᠳᠬᠢᠴᠡ᠎ᠪᠠᠨ ᠲᠣᠳᠣᠷᠬᠠᠢ ᠪᠣᠯᠭ᠋ᠠᠵᠤ᠂  ᠬᠦᠭᠵᠢᠬᠦᠯᠤᠯᠳᠡ ᠵᠢᠨ ᠴᠢᠭᠯᠡᠯ᠎ᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠬᠡᠷᠡᠭᠲᠡᠢ᠃ ᠲᠤᠬᠠᠢ ᠵᠢᠨ ᠭᠠᠵᠠᠷ᠎ᠤᠨ ᠣᠶᠤᠨ᠎ᠤ ᠰᠠᠭ᠋ᠠᠳ᠎ᠤᠨ ᠬᠥᠮᠥᠨ᠎ᠤ ᠲᠣᠭ᠎ᠠ᠂ ᠲᠠᠷᠬᠠᠯᠲᠠ᠂ ᠨᠡᠢ᠌ᠭᠡᠮ ᠲᠣᠭᠣᠷᠢᠭ᠎ᠤᠨ ᠡᠷᠡᠭᠦᠯᠵᠢᠯ᠎ᠤᠨ ᠲᠦᠬᠦᠬᠡᠷᠤᠮᠵᠢ ᠵᠢᠨ ᠣᠳᠣᠬᠢ ᠪᠠᠢ᠌ᠳᠠᠯ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠬᠡᠪᠴᠢᠶ᠎ᠡ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠵᠠᠳᠠᠯᠵᠤ᠂ ᠬᠥᠭᠵᠢᠯᠲᠡ ᠵᠢᠨ ᠴᠢᠭᠯᠡᠯ ᠪᠠ ᠠᠬᠢᠭᠤᠯᠬᠤ ᠠᠷᠭ᠎ᠠ ᠵᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠲᠣᠭᠲᠠᠴᠠ ᠪᠠᠢ᠌ᠭᠤᠯᠤᠨ᠂ ᠲᠥᠷᠥ ᠵᠢᠨ ᠪᠣᠳᠣᠯᠭ᠎ᠠ ᠭᠠᠷᠭ᠋ᠠᠵᠤ᠂ ᠡᠭᠦᠷᠭᠡ ᠲᠣᠭᠲᠠᠭ᠋ᠠᠨ᠂ ᠶᠠᠰᠤ ᠴᠢᠨᠠᠷ᠎ᠢ ᠳᠡᠭᠡᠭᠰᠢᠯᠡᠭᠦᠯᠵᠦ᠂ ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠵᠢ ᠠᠭᠤᠰᠤᠯᠴᠠᠭᠤᠯᠬᠤ ᠠᠵᠢᠯ᠎ᠢ ᠨᠠᠷᠢᠯᠢᠭ ᠣᠨᠣᠴᠠᠲᠠᠢ᠎ᠪᠠᠷ  ᠠᠬᠢᠭᠤᠯᠬᠤ ᠬᠡᠷᠡᠭᠳᠡᠢ᠃ ᠣᠲᠣ ᠪᠠᠢ᠌ᠭ᠎ᠠ ᠡᠬᠢ ᠪᠠᠶᠠᠯᠢᠭ ᠵᠶ᠋ᠠᠨ ᠰᠢᠨᠵᠢᠯᠡᠬᠦ ᠤᠬᠠᠭ᠋ᠠᠨᠴᠢ᠂ ᠵᠦᠢ ᠵᠣᠬᠢᠰᠲᠠᠢ   ᠡᠮᠬᠢᠯᠡᠵᠤ᠂ ᠰᠢᠯᠵᠢᠭᠦᠯᠦᠨ ᠲᠠᠨᠢᠯᠴᠠᠭᠤᠯᠬᠤ ᠲᠣᠭᠲᠠᠴᠠ ᠵᠢ ᠢᠳᠡᠪᠬᠢᠲᠡᠢ᠎ᠪᠠᠷ ᠰᠦᠪᠡᠭᠴᠢᠯᠡᠬᠦ ᠬᠡᠷᠡᠭᠲᠡᠢ᠃ ᠡᠳ᠋᠎ᠤᠨ ᠵᠠᠰᠠᠭ᠂ ᠡᠷᠡᠬᠦᠯ ᠮᠡᠨᠳᠤ ᠡᠷᠡᠭᠦᠯ ᠬᠠᠮᠠᠭ᠋ᠠᠯᠠᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠵᠡᠮᠳᠡᠭᠴᠦᠳ᠎ᠤᠨ ᠭᠡᠷ ᠪᠦᠯᠢ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠪᠠ ᠨᠠᠢ᠌ᠳᠠᠨ ᠠᠰᠠᠷᠠᠭᠤᠯᠬᠤ ᠪᠠᠢ᠌ᠭᠤᠯᠤᠮᠵᠢ ᠵᠡᠷᠭᠡ᠎ᠳᠤ ᠲᠦᠰᠢᠭᠯᠡᠨ ᠣᠶᠤᠨ᠎ᠤ ᠰᠠᠭ᠋ᠠᠳ᠎ᠲᠠᠢ ᠬᠦᠮᠦᠰ᠎ᠤᠨ ᠨᠡᠢ᠌ᠭᠡᠮ ᠲᠣᠭᠣᠷᠢᠭ᠎ᠤᠨ ᠡᠷᠡᠭᠦᠯᠵᠢᠯ᠎ᠤᠨ ᠦᠢ᠍ᠯᠡᠴᠢᠯᠡᠭᠡᠨ᠎ᠤ  ᠴᠡᠭ᠎ᠢ ᠪᠠᠢ᠌ᠭᠤᠯᠤᠨ᠎ᠠ᠃ ᠨᠥᠬᠥᠴᠡᠯ᠎ᠲᠠᠢ ᠭᠠᠵᠠᠷ ᠣᠷᠣᠨ᠎ᠨᠢ ᠣᠯᠠᠨ ᠡᠰᠢᠲᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠢ᠌ᠵᠢᠭᠤᠯᠵᠤ᠂ ᠡᠷᠡᠬᠦᠯᠵᠢᠬᠦᠯᠬᠦ ᠦᠢ᠍ᠯᠡᠴᠢᠯᠡᠭᠡᠨ᠎ᠤ ᠠᠭᠤᠯᠭ᠎ᠠ ᠵᠢ ᠲᠠᠰᠤᠷᠠᠯᠲᠠ ᠦᠭᠡᠢ ᠪᠠᠶᠠᠯᠢᠭᠵᠢᠭᠤᠯᠬᠤ ᠬᠡᠷᠡᠭᠲᠡᠢ᠃ ᠣᠶᠣᠨ ᠎ᠤ ᠰᠠᠭ᠋ᠠᠳ᠎ᠲᠠᠢ ᠬᠦᠮᠦᠰ᠎ᠢ ᠡᠷᠡᠭᠦᠯᠵᠢᠭᠦᠯᠵᠦ ᠰᠢᠯᠵᠢᠭᠦᠯᠦᠨ ᠲᠠᠨᠢᠯᠴᠠᠭᠤᠯᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠣᠶᠣᠨ ᠎ᠤ ᠡᠷᠡᠭᠦᠯ ᠬᠠᠮᠠᠭ᠋ᠠᠯᠠᠯ᠎ᠤᠨ ᠡᠮᠴᠢᠯᠡᠭᠡᠨ᠎ᠤ ᠪᠠᠢ᠌ᠭᠤᠯᠤᠮᠵᠢ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠪᠣᠯᠣᠨ ᠣᠶᠣᠨ᠎ᠤ ᠰᠠᠭ᠋ᠠᠳ᠎ᠲᠠᠢ ᠬᠦᠮᠦᠰ᠎ᠤᠨ ᠨᠡᠢ᠌ᠭᠡᠮ ᠲᠣᠭᠣᠷᠢᠭ᠎ᠤᠨ ᠡᠷᠡᠭᠦᠯᠵᠢᠯ᠎ᠤᠨ ᠪᠠᠢ᠌ᠭᠤᠯᠤᠮᠵᠢ ᠵᠢᠨ ᠬᠤᠭᠤᠷᠤᠨᠳᠤ ᠲᠦᠷᠭᠡᠨ ᠰᠢᠯᠵᠢᠭᠦᠯᠦᠨ  ᠲᠠᠨᠢᠯᠴᠠᠭᠤᠯᠤᠨ᠎ᠠ᠃
     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠴᠤᠭ ᠪᠠ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ᠎ᠤᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠡᠮᠳᠡᠭᠴᠦᠳ᠎ᠤᠨ ᠬᠣᠯᠪᠣᠭ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠳᠠᠳ ᠪᠠ ᠭᠠᠵᠠᠷ ᠲᠠᠰᠤᠭ᠎ᠤᠨ ᠬᠠᠷᠢᠭᠤᠴᠠᠯᠭ᠋ᠠᠳᠠᠳ ᠭᠣᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃ ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠬᠣᠲᠠ ᠲᠣᠭᠣᠷᠢᠭ)᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠡᠢ᠌ᠭᠡᠮ᠎ᠤᠨ ᠬᠡᠷᠡᠭ ᠶᠠᠪᠤᠳᠠᠯ᠎ᠤᠨ ᠠᠵᠢᠯ᠎ᠢ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭ᠋ᠠᠳᠠᠳ ᠪᠣᠯᠣᠨ ᠨᠡᠢ᠌ᠭᠡᠮ᠎ᠤᠨ ᠬᠡᠷᠡᠭ ᠶᠠᠪᠤᠳᠠᠯ᠎ᠤᠨ ᠰᠠᠯᠠᠭ᠎ᠠ (ᠲᠠᠰᠤᠭ) ᠵᠢᠨ ᠭᠣᠣᠯ ᠬᠠᠷᠢᠭᠤᠴᠠᠯᠭ᠋ᠠᠳᠠᠳ ᠪᠠ ᠬᠠᠮᠢᠶ᠎ᠠ ᠪᠦᠬᠦᠢ ᠠᠵᠢᠯᠲᠠᠨ᠂ ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠪᠠᠢ᠌ᠭᠤᠯᠤᠮᠵᠢ ᠵᠢᠨ ᠭᠣᠣᠯ ᠬᠠᠷᠢᠭᠤᠴᠠᠯᠭ᠋ᠠᠳᠠᠳ ᠪᠠ ᠬᠠᠮᠢᠶ᠎ᠠ ᠪᠦᠬᠦᠢ ᠠᠵᠢᠯᠲᠠᠨ᠂ ᠠᠢ᠌ᠮᠠᠭ ᠬᠣᠲᠠ ᠵᠢᠨ ᠡᠳ᠋᠎ᠤᠨ ᠵᠠᠰᠠᠭ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠵᠡᠮᠳᠡᠭᠴᠦᠳ᠎ᠤᠨ ᠬᠣᠯᠪᠣᠭ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠳᠠᠳ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ  ᠤᠷᠤᠯᠴᠠᠬᠰᠠᠨ ᠪᠠᠢ᠌ᠨ᠎ᠠ᠃


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠵᠡᠮᠳᠡᠭᠷᠡᠬᠦ᠎ᠠᠴᠠ ᠰᠡᠷᠬᠡᠢ᠌ᠯᠡᠬᠦ ᠰᠠᠢ᠌ᠨ ᠲᠤᠷᠠᠴᠤᠤᠯ᠎ᠤᠨ ᠠᠵᠢᠯᠯᠠᠭ᠎ᠠ ᠦᠷᠨᠢᠬᠦᠯᠪᠡ
ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠨᠠᠮ᠎ᠤᠨ ᠬᠤᠷᠢᠶ᠎ᠠ ᠵᠢᠨ᠎ᠬᠢᠨ ᠨᠠᠮ᠎ᠳᠤ ᠡᠯᠰᠡᠬᠦ᠎ᠪᠠᠷ ᠬᠦᠮᠤᠵᠢᠬᠦᠯᠵᠤ ᠪᠠᠢ᠌ᠭ᠎ᠠ ᠬᠦᠮᠦᠰ ᠪᠠ ᠨᠠᠮ᠎ᠳᠤ ᠣᠷᠣᠬᠤ ᠢᠳᠡᠪᠬᠢᠲᠡᠨ᠎ᠤ ᠪᠣᠯᠪᠠᠰᠤᠷᠠᠯ ᠡᠷᠭᠢᠯᠡᠪᠡ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠵᠢᠯᠤᠭᠣᠳᠬᠤ ᠳᠤᠭᠤᠢ᠌ᠯᠠᠩ᠎ᠤᠨ᠎ᠬᠢᠨ ᠣᠶᠤᠲᠠᠳ᠎ᠤᠨ ᠦᠢ᠍ᠯᠡᠰ ᠪᠤᠰᠬᠠᠬᠤ ᠬᠣᠯᠪᠣᠭ᠋ᠠᠲᠤ ᠬᠤᠷᠠᠯ᠎ᠳᠤ ᠭᠦᠨᠵᠡᠭᠡᠢ᠌ᠷᠡᠨ ᠣᠶᠤᠲᠠᠳ᠎ᠤᠨ ᠦᠢ᠍ᠯᠡᠰ ᠪᠤᠰᠬᠠᠵᠤ ᠠᠵᠢᠯ ᠣᠯᠭᠣᠬᠤ᠎ᠳᠤ ᠬᠦᠴᠦᠨ ᠨᠡᠮᠡᠷᠢᠯᠡᠬᠦ ᠬᠤᠷᠠᠯ ᠬᠢᠪᠡ
ᠭᠣᠣᠯ ᠰᠡᠳᠦᠪᠲᠦ ᠬᠥᠮᠦᠵᠢᠯ ᠥᠷᠨᠢᠭᠦᠯᠬᠦ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠦᠷᠪᠡᠳᠤᠬᠡᠷ ᠤᠳᠠᠭ᠋ᠠᠨ᠎ᠤ ᠪᠦᠬᠦᠳᠡ ᠬᠤᠷᠠᠯ ᠬᠤᠷᠠᠯᠳᠤᠪᠠ
 
            