ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠨᠠᠮ᠎ᠤᠨ ᠬᠤᠷᠢᠶ᠎ᠠ ᠵᠢᠨ᠎ᠬᠢᠨ ᠨᠠᠮ᠎ᠳᠤ ᠡᠯᠰᠡᠬᠦ᠎ᠪᠠᠷ ᠬᠦᠮᠤᠵᠢᠬᠦᠯᠵᠤ ᠪᠠᠢ᠌ᠭ᠎ᠠ ᠬᠦᠮᠦᠰ ᠪᠠ ᠨᠠᠮ᠎ᠳᠤ ᠣᠷᠣᠬᠤ ᠢᠳᠡᠪᠬᠢᠲᠡᠨ᠎ᠤ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄ 2023-06-29

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ᠎ᠬᠢᠨ 6 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ 9᠎ᠤ ᠡᠳᠦᠷ ᠪᠣᠯᠲᠠᠯ᠎ᠠ ᠤᠯᠠᠭ᠋ᠠᠨᠴᠠᠪ ᠬᠣᠲᠠ᠎ᠳᠤ 2023 ᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠳᠤ ᠡᠯᠰᠡᠬᠦ᠎ᠪᠠᠷ ᠬᠦᠮᠤᠵᠢᠬᠦᠯᠵᠤ ᠪᠠᠢ᠌ᠭ᠎ᠠ ᠬᠦᠮᠦᠰ ᠪᠠ ᠨᠠᠮ᠎ᠳᠤ ᠣᠷᠣᠬᠤ ᠢᠳᠡᠪᠬᠢᠲᠡᠨ᠎ᠤ ᠪᠣᠯᠪᠠᠰᠤᠷᠠᠯ᠎ᠢ ᠡᠷᠭᠢᠯᠡᠵᠦ᠂ ᠪᠣᠯᠪᠠᠰᠤᠷᠠᠯ᠎ᠳᠤ ᠤᠷᠤᠯᠴᠠᠬᠰᠠᠳ᠎ᠲᠤ ᠨᠠᠮ᠎ᠤᠨ ᠬᠡᠷᠡᠯ ᠰᠠᠴᠤᠷᠠᠩᠭᠤᠢ ᠥᠩᠭᠡᠷᠡᠯᠲᠡ ᠵᠢ ᠰᠢᠰᠲ᠋ᠧᠮ᠎ᠲᠠᠢ ᠣᠢ᠌ᠯᠠᠭ᠋ᠠᠭᠤᠯᠵᠤ᠂ ᠤᠯᠤᠰ ᠲᠥᠷᠥ ᠵᠢᠨ ᠤᠬᠠᠮᠰᠠᠷ᠎ᠢ᠎ᠨᠢ ᠤᠯᠠᠮ ᠴᠢᠩᠭ᠋ᠠᠳᠬᠠᠨ᠂ ᠨᠠᠮ᠎ᠳᠤ ᠣᠷᠣᠬᠤ ᠤᠭ ᠰᠠᠨᠠᠭ᠎ᠠ ᠵᠢ᠎ᠨᠢ ᠲᠥᠪ  ᠪᠤᠯᠭ᠋ᠠᠪᠠ᠃ 120 ᠬᠥᠮᠥᠨ ᠡᠨᠡ ᠬᠦ᠌ ᠪᠣᠯᠪᠠᠰᠤᠷᠠᠯ᠎ᠳᠤ ᠣᠷᠣᠯᠴᠠᠵᠠ᠊

᠎ᠢ᠃W020230628415408256851.png


     ᠪᠣᠯᠪᠠᠰᠤᠷᠠᠯ᠎ᠤᠨ ᠬᠤᠭᠤᠴᠠᠭ᠋ᠠᠨ᠎ᠳᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷ᠎ᠤᠨ ᠠᠵᠢᠯ᠎ᠤᠨ ᠳᠦᠷᠢᠮ (ᠲᠤᠷᠰᠢᠨ ᠬᠡᠷᠡᠭᠵᠢᠭᠦᠯᠬᠦ)》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠵᠢᠨ ᠠᠵᠢᠯ᠎ᠤᠨ ᠳᠦᠷᠢᠮ》 《ᠰᠢᠨ᠎ᠡ ᠪᠠᠢ᠌ᠳᠠᠯ ᠳᠣᠣᠷᠠᠬᠢ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠪᠣᠯᠣᠨ ᠨᠠᠮ᠎ᠤᠨ ᠭᠡᠰᠢᠭᠦᠨ ᠡᠯᠰᠡᠬᠦ ᠠᠵᠢᠯ᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠠᠢ᠌ᠯᠤᠮᠵᠢ ᠵᠡᠷᠭᠡ ᠠᠭᠤᠯᠭ᠎ᠠ ᠵᠢ ᠰᠤᠷᠤᠯᠴᠠᠭᠤᠯᠬᠤ ᠵᠢᠨ ᠬᠠᠮᠲᠤ ᠰᠤᠷᠤᠭᠴᠢᠳ᠎ᠢ ᠵᠢᠨᠢᠩ᠎ᠤᠨ ᠳᠠᠢ᠌ᠯᠠᠯᠳᠤᠭ᠋ᠠᠨ᠎ᠤ ᠳᠤᠷᠠᠰᠬᠠᠯ᠎ᠤᠨ ᠣᠷᠳᠣᠨ᠎ᠳᠤ ᠣᠴᠢᠭᠤᠯᠵᠤ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠲᠤᠬᠠᠢ ᠵᠢᠨ ᠲᠠᠯᠠᠪᠠᠢ ᠵᠢᠨ ᠵᠢᠭ᠋ᠠᠨ ᠰᠤᠷᠭ᠋ᠠᠯᠲᠠ᠎ᠳᠤ ᠤᠷᠤᠯᠴᠠᠭᠤᠯᠪᠠ᠃  ᠪᠣᠯᠪᠠᠰᠤᠷᠠᠯ ᠲᠡᠭᠦᠰᠬᠦ ᠦᠶ᠎ᠡ᠎ᠳᠤ ᠰᠤᠷᠤᠭᠴᠢᠳ᠎ᠤᠨ ᠤᠨᠤᠯ᠎ᠤᠨ  ᠲᠦᠪᠰᠢᠨ᠎ᠢ ᠰᠢᠯᠭ᠋ᠠᠨ᠎ᠠ᠃
         W020230628415408326547.png   


     ᠰᠢᠰᠲ᠋ᠧᠮ᠎ᠲᠠᠢ ᠰᠤᠷᠤᠯᠴᠠᠯᠭ᠎ᠠ ᠪᠣᠯᠪᠠᠰᠤᠷᠠᠯ ᠵᠶ᠋ᠠᠷ ᠳᠡᠮᠵᠢᠨ ᠰᠤᠷᠤᠭᠴᠢᠳ ᠨᠠᠮ᠎ᠤᠨ ᠲᠡᠦᠬᠡ᠂ ᠨᠠᠮ᠎ᠤᠨ ᠳᠦᠷᠢᠮ᠂ ᠨᠠᠮ᠎ᠤᠨ ᠰᠠᠬᠢᠯᠭ᠎ᠠ ᠪᠠᠲᠤ᠂ ᠨᠠᠮ᠎ᠤᠨ ᠳᠦᠷᠢᠮ ᠲᠣᠭᠲᠠᠭ᠋ᠠᠯ ᠪᠠ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠳᠦᠷᠢᠮ ᠵᠡᠷᠭᠡ ᠠᠭᠤᠯᠭ᠎ᠠ᠎ᠳᠤ ᠰᠢᠨ᠎ᠡ ᠣᠢ᠌ᠯᠠᠭ᠋ᠠᠯᠲᠠ ᠎ᠲᠠᠢ ᠪᠣᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ ᠪᠣᠯᠬᠤ᠂ ᠮᠠᠷᠺᠰ᠎ᠤᠨ ᠦᠵᠡᠯ ᠶᠠᠭ᠋ᠠᠬᠢᠭ᠋ᠠᠳ ᠪᠣᠯᠬᠤ᠂ ᠨᠡᠢ᠌ᠭᠡᠮ ᠵᠢᠷᠤᠮ ᠶᠠᠭ᠋ᠠᠬᠢᠭ᠋ᠠᠳ ᠰᠠᠢ᠌ᠨ ᠪᠣᠯᠬᠤ ᠲᠤᠬᠠᠢ ᠭᠦᠨᠵᠡᠭᠡᠢ ᠣᠢ᠌ᠯᠠᠭ᠋ᠠᠯᠲᠠ᠎ᠲᠠᠢ ᠪᠣᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠬᠠᠢ ᠢᠲᠡᠭᠡᠯ ᠪᠢᠰᠢᠷᠡᠯ᠂ ᠨᠡᠢ᠌ᠭᠡᠮ ᠵᠢᠷᠤᠮ᠎ᠤᠨ ᠲᠤᠬᠠᠢ ᠢᠲᠡᠭᠡᠯ ᠵᠣᠷᠢᠭ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠠᠬᠢᠭᠤᠯᠬᠤ ᠲᠤᠬᠠᠢ ᠢᠲᠡᠭᠡᠯ ᠵᠣᠷᠢᠭ ᠵᠶ᠋ᠠᠨ ᠨᠠᠩ ᠪᠠᠲᠤᠳᠬᠠᠪᠠ᠃
     ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠢᠭᠡ ᠭᠡᠰᠢᠭᠦᠨ ᠪᠣᠯᠤᠭᠰᠠᠨ᠎ᠤ ᠬᠤᠪᠢ᠎ᠳᠤ᠂ ᠨᠠᠮ᠎ᠤᠨ ᠲᠠᠢ᠌ᠴᠢᠨ ᠡᠡᠭᠨᠡᠬᠡᠨ᠎ᠳᠤ ᠨᠠᠮ᠎ᠤᠨ ᠵᠶ᠋ᠡᠨ ᠬᠦᠮᠤᠨ ᠪᠤᠯᠴᠢᠬᠠᠯ᠎ᠠ᠃ ᠠᠵᠢᠯ᠎ᠤᠨ ᠪᠠᠢ᠌ᠷᠢ᠎ᠳᠤ᠎ᠪᠠᠨ ᠪᠤᠴᠠᠭᠰᠠᠨ᠎ᠤ ᠲᠠᠷᠠᠭ᠎ᠠ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠠᠵᠢᠯ᠎ᠤᠨ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠴᠠᠭ ᠢᠮᠠᠭᠲᠠ ᠨᠠᠮ᠎ᠤᠨ ᠭᠡᠰᠢᠭᠦᠨ᠎ᠤ ᠪᠠᠷᠢᠮᠵᠢᠶ᠎ᠠ᠎ᠪᠠᠷ ᠥᠪᠡᠷ᠎ᠢ᠎ᠪᠠᠨ ᠴᠢᠩᠭ᠎ᠠ ᠱᠠᠭ᠋ᠠᠷᠳᠠᠵᠤ᠂ ᠨᠠᠮ᠎ᠤᠨ ᠰᠢᠯᠢᠳᠡᠭ ᠤᠯᠠᠮᠵᠢᠯᠠᠯ᠂ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠵᠢᠨ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠨᠠᠮ᠎ᠤᠨ ᠲᠠᠢ᠌ᠴᠢᠨ ᠡᠡᠭᠨᠡᠬᠡᠨ᠎ᠳᠤ ᠡᠷᠳᠡᠬᠡᠨ ᠤᠷᠤᠵᠤ᠂ ᠨᠠᠮ᠎ᠤᠨ ᠰᠢᠳᠤᠷᠭᠤ  ᠬᠡᠰᠢᠬᠦᠨ ᠪᠤᠯᠬᠤ᠎ᠪᠠᠷ ᠴᠢᠷᠮᠠᠢ᠌ᠨ᠎ᠠ ᠬᠡᠵᠡᠬᠡᠵᠤ ᠪᠠᠢ᠌ᠯ᠎ᠠ᠃

 

 

 

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠵᠢᠯᠤᠭᠣᠳᠬᠤ ᠳᠤᠭᠤᠢ᠌ᠯᠠᠩ᠎ᠤᠨ᠎ᠬᠢᠨ ᠣᠶᠤᠲᠠᠳ᠎ᠤᠨ ᠦᠢ᠍ᠯᠡᠰ ᠪᠤᠰᠬᠠᠬᠤ ᠬᠣᠯᠪᠣᠭ᠋ᠠᠲᠤ ᠬᠤᠷᠠᠯ᠎ᠳᠤ ᠭᠦᠨᠵᠡᠭᠡᠢ᠌ᠷᠡᠨ ᠣᠶᠤᠲᠠᠳ᠎ᠤᠨ ᠦᠢ᠍ᠯᠡᠰ ᠪᠤᠰᠬᠠᠵᠤ ᠠᠵᠢᠯ ᠣᠯᠭᠣᠬᠤ᠎ᠳᠤ ᠬᠦᠴᠦᠨ ᠨᠡᠮᠡᠷᠢᠯᠡᠬᠦ ᠬᠤᠷᠠᠯ ᠬᠢᠪᠡ
ᠭᠣᠣᠯ ᠰᠡᠳᠦᠪᠲᠦ ᠬᠥᠮᠦᠵᠢᠯ ᠥᠷᠨᠢᠭᠦᠯᠬᠦ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠦᠷᠪᠡᠳᠤᠬᠡᠷ ᠤᠳᠠᠭ᠋ᠠᠨ᠎ᠤ ᠪᠦᠬᠦᠳᠡ ᠬᠤᠷᠠᠯ ᠬᠤᠷᠠᠯᠳᠤᠪᠠ
ᠥᠪᠥᠷ ᠮᠣᠩᠭᠣᠯ᠎ᠳᠤ᠎ᠬᠢ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠡᠭᠦᠷ᠎ᠤᠨ᠎ᠬᠢᠨ 《7 · 1᠎ᠢ ᠤᠭᠲᠤᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠦᠩᠯᠢᠶᠣᠣ ᠬᠣᠲᠠ᠎ᠳᠤ 《ᠵᠡᠮᠳᠡᠭᠴᠦᠳ᠎ᠤᠨ ᠬᠣᠶᠠᠷ ᠨᠥᠬᠥᠪᠦᠷᠢ》 ᠵᠢᠨ ᠨᠠᠷᠢᠯᠢᠭ ᠣᠨᠣᠴᠠᠲᠠᠢ ᠬᠠᠮᠢᠶᠠᠷᠤᠯᠲᠠ ᠵᠢ 《ᠡᠷᠬᠢᠨ ᠬᠠᠷᠠᠬᠤ》 ᠪᠠᠢ᠌ᠴᠠᠭ᠋ᠠᠯᠲᠠ ᠥᠷᠨᠢᠭᠦᠯᠪᠡ
 
            