2023 ᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠤᠶᠤᠳᠠᠳ᠎ᠤᠨ ᠠᠵᠢᠯ ᠣᠯᠭᠣᠯᠲᠠ᠎ᠳᠤ ᠬᠦᠴᠦᠨ ᠨᠡᠮᠡᠷᠢᠯᠡᠬᠦ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠎ᠤ ᠮᠡᠳᠡᠭᠳᠡᠯ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠦᠯᠤᠬᠡ᠂ ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠵᠢᠯᠣᠭᠣᠳᠤᠭᠴᠢ ᠢᠦᠢ ᠭᠦᠸᠧ ᠵᠢᠶᠦ᠋ᠨ ᠨᠠᠷ 6 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ ᠦᠳᠡ ᠵᠢᠨ ᠡᠮᠦᠨ᠎ᠡ ᠥᠪᠥᠷ ᠮᠣᠩᠭᠣᠯ᠎ᠤᠨ ᠣᠶᠤᠲᠠᠳ᠎ᠤᠨ ᠦᠢ᠍ᠯᠡᠰ ᠪᠤᠰᠬᠠᠬᠤ ᠬᠣᠯᠪᠣᠭ᠋ᠠᠲᠤ ᠬᠤᠷᠠᠯ᠎ᠳᠤ ᠭᠦᠨᠵᠡᠭᠡᠢ᠌ᠷᠡᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠶᠤᠲᠠᠳ᠎ᠤᠨ ᠠᠵᠢᠯ ᠣᠯᠵᠤ ᠠᠳᠠᠯ ᠦᠢ᠍ᠯᠡᠰ ᠴᠣᠭᠴᠠᠯᠠᠬᠤ᠎ᠳᠤ ᠬᠦᠴᠦᠨ ᠨᠡᠮᠡᠷᠢᠯᠡᠬᠦ ᠠᠵᠢᠯ᠎ᠤᠨ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠦᠢ᠍ᠯᠡᠰ ᠪᠤᠰᠬᠠᠬᠤ ᠬᠣᠯᠪᠣᠭ᠋ᠠᠲᠤ ᠬᠤᠷᠠᠯ᠎ᠤᠨ ᠳᠠᠷᠤᠭ᠎ᠠ ᠶᠠᠩ ᠰᠧᠨ ᠬᠣᠯᠪᠣᠭᠳᠠᠯ ᠪᠦᠬᠦᠢ ᠠᠵᠢᠯᠯᠠᠭ᠎ᠠ᠎ᠳᠤ ᠣᠷᠣᠯᠴᠠᠵᠠᠢ᠃、
ᠬᠤᠷᠠᠯ ᠲᠡᠬᠡᠷ᠎ᠡ ᠶᠠᠩ ᠰᠧᠨ ᠣᠶᠤᠲᠠᠳ᠎ᠤᠨ ᠦᠢ᠍ᠯᠡᠰ ᠪᠤᠰᠬᠠᠬᠤ ᠬᠣᠯᠪᠣᠭ᠋ᠠᠲᠤ ᠬᠤᠷᠠᠯ᠎ᠤᠨ ᠦᠨᠳᠦᠰᠦᠨ ᠪᠠᠢ᠌ᠳᠠᠯ ᠪᠣᠯᠣᠨ ᠪᠠᠢ᠌ᠭᠤᠯᠤᠭᠳᠠᠭᠰᠠᠨ᠎ᠠᠴᠠ ᠨᠠᠭ᠋ᠠᠰᠢᠬᠢ ᠠᠵᠢᠯ᠎ᠤᠨ ᠦᠷ᠎ᠡ ᠪᠦᠲᠦᠭᠡᠯ᠎ᠢ ᠲᠠᠨᠢᠯᠴᠠᠭᠤᠯᠪᠠ᠃ ᠣᠶᠤᠲᠠᠳ᠎ᠤᠨ ᠦᠢ᠍ᠯᠡᠰ ᠪᠤᠰᠬᠠᠬᠤ ᠬᠣᠯᠪᠣᠭ᠋ᠠᠲᠤ ᠬᠤᠷᠠᠯ ᠪᠣᠯ ᠣᠶᠤᠲᠠᠨ ᠵᠠᠯᠠᠭᠤᠴᠤᠳ᠎ᠤᠨ ᠠᠵᠢᠯ ᠣᠯᠵᠤ ᠦᠢ᠍ᠯᠡᠰ ᠪᠤᠰᠬᠠᠬᠤ᠎ᠳᠤ ᠬᠦᠴᠦᠨ ᠨᠡᠮᠡᠷᠢᠯᠡᠬᠦ ᠠᠰᠢᠭ ᠬᠣᠨᠵᠢᠪᠤᠷᠢ ᠵᠢᠨ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠮᠥᠨ᠂ ᠭᠣᠣᠯᠳᠠᠭᠤ ᠠᠳᠠᠯ ᠦᠢ᠍ᠯᠡ᠊ ᠪᠤᠰᠬᠠᠬᠤ ᠠᠵᠢᠯ ᠣᠯᠭᠣᠬᠤ᠎ᠳᠤ ᠮᠡᠳᠡᠭᠡ ᠵᠠᠩᠭᠢ ᠵᠢᠨ ᠵᠥᠪᠯᠡᠯᠭᠡ ᠥᠭᠬᠦ᠂ ᠨᠡᠢ᠌ᠭᠡᠮ᠎ᠤᠨ ᠦᠢ᠍ᠯᠡᠳᠦᠯᠭᠡ ᠬᠢᠬᠦ᠂ ᠠᠵᠢᠯ᠎ᠤᠨ ᠪᠠᠢ᠌ᠷᠢ ᠵᠢ ᠵᠣᠯᠭ᠋ᠠᠭᠤᠯᠬᠤ ᠵᠡᠷᠭᠡ ᠦᠢ᠍ᠯᠡᠴᠢᠯᠡᠭᠡ ᠬᠠᠩᠭ᠋ᠠᠨ᠎ᠠ᠃ ᠤᠷᠴᠢᠮ᠎ᠤᠨ 3 ᠵᠢᠯ᠎ᠳᠤ ᠰᠦᠯᠵᠢᠶᠡᠨ ᠭᠠᠳᠠᠨᠠᠬᠢ ᠡᠯ᠎ᠡ ᠲᠥᠷᠥᠯ᠎ᠤᠨ ᠬᠡᠪᠴᠢᠶᠡᠲᠦ ᠠᠵᠢᠯᠲᠠᠨ ᠡᠯᠰᠡᠬᠦ ᠴᠤᠭᠯᠠᠭ᠋ᠠᠨ᠂ ᠠᠵᠢᠯ᠎ᠤᠨ ᠪᠠᠢ᠌ᠷᠢ ᠵᠢ ᠵᠣᠯᠭ᠋ᠠᠭᠤᠯᠬᠤ ᠴᠤᠭᠯᠠᠭ᠋ᠠᠨ᠂ ᠦᠢ᠍ᠯᠡᠰ ᠪᠤᠰᠬᠠᠬᠤ ᠠᠵᠢᠯᠯᠠᠭ᠎ᠠ ᠵᠢ 200 ᠭᠠᠷᠤᠢ ᠤᠳᠠᠭ᠎ᠠ ᠥᠷᠨᠢᠭᠦᠯᠵᠦ᠂ ᠰᠦᠯᠵᠢᠶᠡᠨ ᠳᠡᠭᠡᠷᠡᠬᠢ ᠠᠵᠢᠯ ᠣᠯᠭᠣᠯᠲᠠ ᠦᠢ᠍ᠯᠡᠰ ᠪᠤᠰᠬᠠᠬᠤ ᠵᠢ ᠠᠬᠢᠭᠤᠯᠬᠤ ᠠᠵᠢᠯᠯᠠᠭ᠎ᠠ ᠵᠢ 150 ᠭᠠᠷᠤᠢ ᠤᠳᠠᠭ᠎ᠠ ᠥᠷᠨᠢᠭᠦᠯᠵᠦ᠂ 50 ᠭᠠᠷᠤᠢ ᠤᠳᠠᠭ᠎ᠠ ᠰᠢᠭᠤᠳ ᠨᠡᠪᠳᠡᠷᠡᠬᠦᠯᠵᠤ᠂ ᠠᠵᠢᠯ ᠣᠯᠭᠣᠯᠲᠠ ᠦᠢ᠍ᠯᠡᠰ ᠪᠤᠰᠬᠠᠬᠤ ᠲᠤᠬᠠᠢ 70 ᠭᠠᠷᠤᠢ ᠤᠳᠠᠭ᠎ᠠ ᠤᠬᠠᠭᠤᠯᠤᠨ ᠲᠠᠢ᠌ᠯᠪᠤᠷᠢᠯᠠᠵᠤ᠂ 2 ᠲᠦᠮᠡ ᠰᠢᠬᠠᠮ ᠬᠥᠮᠥᠨ᠎ᠤ ᠠᠵᠢᠯ ᠣᠯᠭᠣᠯᠲᠠ ᠵᠢᠨ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠨ᠂ ᠨᠡᠢ᠌ᠭᠡᠮ᠎ᠤᠨ᠎ᠬᠢᠨ᠎ᠤ ᠰᠠᠢ᠌ᠨ ᠦᠨᠡᠯᠡᠯᠲᠡ ᠵᠢ ᠣᠯᠣᠭᠰᠠᠨ ᠪᠠᠢ᠌ᠨ᠎ᠠ᠃
ᠵᠢᠭ᠋ᠠᠨ ᠵᠢᠯᠣᠭᠣᠳᠤᠭᠴᠢ ᠢᠦᠢ ᠭᠦᠸᠧ ᠵᠢᠶᠦ᠋ᠨ 《2023 ᠣᠨ᠎ᠤ ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠭᠣᠣᠯᠳᠠᠯᠭ᠎ᠠ》 ᠵᠢ ᠤᠯᠠᠮᠵᠢᠯᠠᠪᠠ᠂ ᠢᠦᠢ ᠭᠦᠸᠧ ᠵᠢᠶᠦ᠋ᠨ ᠬᠡᠯᠡᠭᠰᠨᠨᠨᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠣᠶᠤᠲᠠᠳ᠎ᠤᠨ ᠠᠵᠢᠯ ᠣᠯᠭᠣᠯᠲᠠ ᠵᠢ ᠳᠡᠮᠵᠢᠬᠦ ᠪᠣᠯ ᠣᠳᠣᠬᠠᠨ᠎ᠤ ᠴᠢᠬᠤᠯᠠ ᠠᠵᠢᠯ᠎ᠤᠨ ᠨᠢᠬᠡ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠭᠦᠷᠭᠡ ᠬᠠᠷᠢᠭᠤᠴᠠᠯᠭ᠎ᠠ ᠮᠥᠨ ᠪᠦᠬᠡᠳ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠢ ᠰᠠᠨᠠᠯ》᠎ᠢ ᠲᠤᠭᠤᠰᠢᠯᠠᠭᠤᠯᠬᠤ ᠪᠣᠳᠠᠲᠠᠢ ᠠᠷᠭ᠎ᠠ ᠮᠥᠨ᠃ ᠲᠠᠷᠠᠭ᠋ᠠᠴᠢ᠎ᠪᠠᠷ ᠨᠠᠮ᠎ᠤᠨ ᠪᠠᠢ᠌ᠭᠤᠯᠤᠯᠲᠠ ᠵᠢᠨ ᠠᠵᠢᠯ ᠵᠶ᠋ᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠪᠠᠢ᠌ᠭᠤᠯᠤᠯᠲᠠ ᠵᠢᠨ ᠠᠵᠢᠯ ᠪᠣᠯᠣᠨ ᠲᠤᠬᠠᠢ᠌ᠯᠠᠭᠰᠠᠨ ᠠᠵᠢᠯ᠎ᠢ ᠬᠣᠶᠠᠷ ᠲᠠᠯ᠎ᠠ᠎ᠪᠠᠷ ᠠᠳᠬᠤᠵᠤ᠂ ᠬᠣᠶᠠᠷ ᠲᠠᠯ᠎ᠠ᠎ᠪᠠᠷ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ᠃ ᠨᠠᠮ᠎ᠤᠨ ᠡᠭᠦᠷ᠎ᠤᠨ ᠲᠠᠢ᠍ᠢ᠍ᠴᠢᠨ ᠪᠡᠬᠢᠯᠡᠯᠲᠡ ᠵᠢᠨ ᠦᠢ᠍ᠯᠡᠳᠦᠯ ᠪᠠ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠠᠵᠢᠯ ᠣᠯᠭᠣᠯᠲᠠ ᠵᠢ ᠳᠡᠮᠵᠢᠬᠦ ᠠᠵᠢᠯ᠎ᠲᠠᠢ ᠤᠶᠠᠯᠳᠤᠭᠤᠯᠤᠨ᠂ ᠤᠶᠤᠳᠠᠳ ᠪᠠ ᠠᠵᠤ ᠠᠬᠤᠢ᠌ᠯᠠᠯ᠎ᠤᠨ ᠬᠤᠭᠤᠷᠤᠨᠳᠤᠬᠢ ᠬᠥᠭᠥᠷᠭᠡ ᠵᠢ ᠰᠠᠢ᠌ᠲᠤᠷ ᠪᠠᠢ᠌ᠭᠤᠯᠵᠤ᠂ ᠲᠤᠬᠠᠢ ᠵᠢᠨ ᠲᠠᠯᠠᠪᠤᠷ᠎ᠲᠤ ᠤᠷᠢᠨ ᠬᠡᠷᠡᠭᠯᠡᠬᠦ᠂ ᠰᠦᠯᠵᠢᠶᠡᠨ ᠳᠡᠭᠡᠷ᠎ᠡ ᠵᠣᠯᠭ᠋ᠠᠭᠤᠯᠬᠤ᠂ ᠮᠥᠷᠳᠡᠵᠦ ᠬᠠᠷᠢᠭᠤ ᠲᠤᠰᠬᠠᠬᠤ ᠵᠡᠷᠭᠡ ᠠᠷᠭ᠎ᠠ ᠪᠠᠷ ᠨᠡᠢ᠌ᠭᠡᠮ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠢᠯ ᠣᠯᠭᠣᠯᠲᠠ ᠵᠢ ᠠᠬᠢᠭᠤᠯᠬᠤ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠦᠵᠡᠬᠦᠯᠪᠡᠰᠤ ᠵᠤᠬᠢᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠳᠡᠢ᠃