ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠢ ᠴᠢᠩᠳᠠᠯᠠᠬᠤ ᠲᠤᠬᠠᠢ ᠠᠷᠠᠳ ᠤᠨ ᠶᠠᠪᠤᠳᠠᠯ᠎ᠤᠨ ᠶᠠᠮᠤᠨ᠎ᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠵᠦ ᠬᠢᠨᠠᠨ ᠪᠠᠢ᠌ᠴᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ᠎ᠳᠤ᠎ᠬᠢ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠠᠵᠢᠯ᠎ᠢ ᠠᠬᠢᠭᠤᠯᠬᠤ ᠵᠢᠨ ᠲᠦᠯᠤᠬᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠎ᠤᠨ᠎ᠬᠢᠨ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠬᠠᠮᠲᠤᠷᠠᠨ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 〈ᠳᠠᠩᠰᠠᠯᠠᠬᠤ ᠪᠠ ᠬᠠᠮᠢᠶᠠᠷᠬᠤ ᠵᠢ ᠰᠠᠯᠭ᠋ᠠᠬᠤ〉 ᠵᠢ ᠤᠯᠠᠮ ᠵᠢᠷᠤᠮᠵᠢᠭᠤᠯᠵᠤ ᠳᠡᠩᠰᠡᠯᠡᠵᠦ ᠬᠢᠨᠠᠨ ᠪᠠᠢ᠌ᠴᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠢ ᠮᠡᠳᠡᠭᠳᠡᠯ》 ᠢ ᠳᠠᠷᠤᠮᠠᠯᠯᠠᠨ ᠲᠠᠷᠬᠠᠭ᠋ᠠᠵᠤ᠂ 《ᠳᠠᠩᠰᠠᠯᠠᠬᠤ ᠪᠠ ᠬᠠᠮᠢᠶᠠᠷᠬᠤ ᠵᠢ ᠰᠠᠯᠭ᠋ᠠᠬᠤ》 ᠠᠵᠢᠯ᠎ᠤᠨ ᠲᠦᠷᠢᠮᠵᠢᠯᠳᠡ᠂ ᠵᠢᠷᠤᠮᠵᠢᠯᠳᠡ ᠵᠢ ᠠᠬᠢᠭᠤᠯᠪᠠ᠃
《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 〈ᠳᠠᠩᠰᠠᠯᠠᠬᠤ ᠪᠠ ᠬᠠᠮᠢᠶᠠᠷᠬᠤ ᠵᠢ ᠰᠠᠯᠭ᠋ᠠᠬᠤ〉 ᠵᠢ ᠤᠯᠠᠮ ᠵᠢᠷᠤᠮᠵᠢᠭᠤᠯᠵᠤ ᠳᠡᠩᠰᠡᠯᠡᠵᠦ ᠬᠢᠨᠠᠨ ᠪᠠᠢ᠌ᠴᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠢ ᠮᠡᠳᠡᠭᠳᠡᠯ》᠎ᠳᠤ ᠲᠣᠳᠣᠷᠬᠠᠢ ᠲᠣᠭᠲᠠᠭ᠋ᠠᠭᠰᠠᠨ᠎ᠨᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠨ ᠬᠠᠮᠢᠶᠠᠷᠬᠤ ᠬᠠᠮᠢᠶ᠎ᠠ ᠪᠦᠬᠦᠢ ᠳᠦᠷᠢᠮ᠎ᠢ ᠦᠨᠳᠦᠰᠦᠯᠡᠪᠡᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ`ᠤᠨ᠎ᠬᠢᠨ ᠬᠠᠤᠯᠢ ᠶᠣᠰᠣᠭ᠋ᠠᠷ ᠳᠡᠩᠰᠡᠯᠡᠨ ᠲᠡᠮᠳᠡᠭᠯᠡᠨ᠎ᠡ᠂ ᠬᠣᠢ᠌ᠰᠢᠳᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠬᠤ ᠡᠭᠦᠷᠭᠡ ᠴᠢᠳᠠᠪᠤᠷᠢ ᠵᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠤ ᠬᠤᠪᠢᠶᠠᠷᠢᠯᠠᠨ ᠰᠢᠯᠵᠢᠭᠦᠯᠵᠦ ᠪᠣᠯᠬᠤ ᠦᠭᠡᠢ᠂ ᠣᠨ᠎ᠤ ᠪᠠᠢ᠌ᠴᠠᠭ᠋ᠠᠯᠲᠠ᠂ ᠵᠡᠷᠭᠡ ᠳᠡᠰ᠎ᠤᠨ ᠦᠨᠡᠯᠡᠯᠲᠡ ᠵᠡᠷᠭᠡ ᠬᠠᠮᠢᠶᠠᠷᠤᠯᠲᠠ ᠵᠢᠨ ᠵᠦᠢ᠍ᠯᠡᠰ ᠪᠠ ᠨᠠᠮ᠎ᠤᠨ ᠠᠵᠢᠯ᠎ᠢ ᠨᠢᠭᠡᠨᠲᠡ ᠬᠤᠪᠢᠶᠠᠷᠢᠯᠠᠨ ᠰᠢᠯᠵᠢᠭᠦᠯᠦᠭᠰᠡᠨ ᠪᠠᠢ᠌ᠪᠠᠯ᠂ ᠲᠤᠬᠠᠢ ᠵᠢᠨ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠭᠤᠶᠤᠴᠢᠯᠠᠵᠤ ᠪᠠᠢ᠌ᠭ᠋ᠠᠳ ᠬᠠᠮᠢᠶᠠᠷᠤᠯᠲᠠ ᠪᠠ ᠨᠠᠮ᠎ᠤᠨ ᠠᠵᠢᠯ᠎ᠤᠨ ᠵᠦᠢ᠍ᠯᠡᠰ᠎ᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠬᠤᠪᠢᠶᠠᠷᠢᠯᠠᠨ ᠰᠢᠯᠵᠢᠭᠦᠯᠬᠦ ᠬᠡᠷᠡᠭᠲᠡᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠤᠯᠢ ᠵᠢᠨ ᠡᠷᠬᠡᠲᠡᠨ᠎ᠤ ᠬᠥᠮᠥᠷᠭᠡ ᠵᠢ ᠪᠥᠬᠥ ᠲᠠᠯ᠎ᠠ᠎ᠪᠠᠷ ᠬᠡᠷᠡᠭᠯᠡᠨ ᠳᠠᠩᠰᠠᠯᠠᠬᠤ ᠠᠵᠢᠯ᠎ᠢ ᠥᠷᠨᠢᠭᠦᠯᠵᠦ᠂ ᠠᠳᠠᠯᠢ ᠶᠠᠪᠤᠴᠠ᠎ᠪᠠᠷ ᠭᠥᠯᠢᠶᠡᠨ ᠠᠪᠴᠤ ᠰᠢᠢ᠍ᠳᠪᠦᠷᠢᠯᠡᠬᠦ᠂ ᠠᠳᠠᠯᠢ ᠪᠠᠷᠢᠮᠵᠢᠶ᠎ᠠ᠎ᠪᠠᠷ ᠭᠦᠢ᠍ᠴᠡᠳᠬᠡᠬᠦ ᠵᠢ ᠬᠡᠷᠡᠭᠵᠢᠭᠦᠯᠬᠦ ᠬᠡᠷᠡᠭᠲᠡᠢ᠃ 《ᠨᠡᠢ᠌ᠲᠡᠯᠡᠬᠦ ᠪᠠ ᠬᠠᠮᠢᠶᠠᠷᠬᠤ ᠵᠢ ᠰᠠᠯᠭ᠋ᠠᠬᠤ》 ᠵᠢ ᠨᠢᠭᠡᠨᠲᠡ ᠬᠡᠷᠡᠭᠵᠢᠭᠦᠯᠦᠭᠰᠡᠨ ᠭᠠᠵᠠᠷ ᠣᠷᠣᠨ᠎ᠳᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠳ ᠳᠠᠩᠰᠠᠯᠠᠬᠤ᠂ ᠨᠡᠷᠡᠢ᠌ᠳᠦᠯ ᠵᠶ᠋ᠡᠨ ᠬᠤᠪᠢᠷᠠᠭᠤᠯᠬᠤ᠂ ᠲᠠᠡᠭᠰᠠᠯᠠᠯᠳᠠ ᠵᠢ ᠬᠦᠴᠦᠨ ᠦᠭᠡᠢ ᠪᠣᠯᠭ᠋ᠠᠬᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠦᠴᠦᠨ ᠦᠭᠡᠢ ᠪᠣᠯᠭ᠋ᠠᠬᠤ ᠵᠡᠷᠭᠡ ᠴᠢᠬᠤᠯᠠ ᠵᠦᠢ᠍ᠯᠡᠰ᠎ᠢ ᠬᠠᠮᠲᠤ᠎ᠪᠠᠷ ᠬᠢᠨᠠᠨ ᠵᠥᠪᠯᠡᠬᠦ ᠵᠢᠷᠤᠮ᠎ᠢ ᠪᠠᠢ᠌ᠭᠤᠯᠵᠤ᠂ ᠠᠵᠢᠯ᠎ᠤᠨ ᠵᠥᠷᠢᠶ᠎ᠡ ᠭᠠᠷᠬᠤ ᠵᠢ ᠰᠡᠷᠭᠡᠢ᠌ᠯᠡᠬᠦ ᠬᠡᠷᠡᠭᠲᠡᠢ᠃ ᠰᠢᠭᠤᠳ ᠳᠠᠩᠰᠠᠯᠠᠬᠤ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠠᠵᠢᠯ ᠲᠦᠷᠦᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ ᠲᠦᠷᠦᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦᠯ᠂ ᠨᠡᠶ᠋ᠢᠲᠡ ᠵᠢᠨ ᠠᠰᠠᠷᠠᠮᠵᠢ ᠨᠢᠭᠦᠯᠡᠰᠦᠩᠭᠦᠢ ᠵᠢᠨ ᠲᠦᠷᠦᠯ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠦᠷᠦᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠰᠢᠭᠤᠳ ᠳᠠᠩᠰᠠᠯᠠᠭᠤᠯᠬᠤ ᠵᠢ ᠬᠡᠷᠡᠭᠵᠢᠭᠦᠯᠬᠦ᠎ᠠᠴᠠ ᠭᠠᠳᠠᠨ᠎ᠠ᠂ ᠪᠤᠰᠤᠳ᠎ᠢ᠎ᠨᠢ ᠴᠥᠮ ᠲᠤᠬᠠᠢ᠌ᠯᠠᠭᠰᠠᠨ ᠠᠵᠢᠯ᠎ᠤᠨ ᠡᠷᠬᠢᠯᠡᠨ ᠬᠠᠮᠢᠶᠠᠷᠬᠤ ᠨᠢᠭᠡᠴᠢ ᠪᠠ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢᠨ ᠳᠠᠪᠬᠤᠷ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠬᠦ ᠬᠡᠷᠡᠭᠲᠡᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠣᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠵᠥᠪᠳᠡᠯᠴᠡᠬᠦ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠠᠢ᠌ᠲᠤᠷ ᠬᠢᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠴᠢᠬᠤᠯᠠ ᠠᠵᠢᠯ᠎ᠤᠨ ᠠᠬᠢᠴᠠ᠂ ᠳᠡᠩᠰᠡᠯᠡᠨ ᠬᠠᠮᠢᠶᠠᠷᠬᠤ ᠵᠡᠷᠭᠡ ᠮᠡᠳᠡᠭᠡ ᠵᠠᠩᠭᠢ ᠵᠢ ᠴᠠᠭ ᠲᠤᠬᠠᠢᠳᠤᠨᠢ ᠬᠤᠪᠢᠶᠠᠯᠴᠠᠵᠤ᠂ ᠬᠤᠯᠪᠤᠭ᠋ᠠᠯᠠᠨ ᠬᠥᠳᠡᠯᠦᠯᠴᠡᠭᠰᠡᠨ ᠪᠦᠲᠦᠮᠵᠢᠲᠡᠶ ᠬᠠᠮ ᠬᠦᠴᠦᠨ᠎ᠢ ᠪᠣᠶ ᠪᠣᠯᠭ᠋ᠠᠵᠤ᠂ ᠠᠵᠢᠯ᠎ᠢ ᠵᠠᠢ ᠵᠠᠪᠰᠠᠷ ᠦᠭᠡᠢ ᠵᠣᠯᠭ᠋ᠠᠭᠤᠯᠬᠤ᠂ ᠬᠠᠮᠢᠶᠠᠷᠤᠯᠲᠠ ᠬᠤᠭᠤᠰᠤᠨ ᠣᠷᠣᠨ ᠵᠠᠢ ᠦᠯᠡᠳᠡᠭᠡᠬᠦ ᠦᠭᠡᠢ ᠵᠢ ᠦᠨᠡᠨ ᠬᠦ᠌ ᠪᠠᠲᠤᠯᠠᠬᠤ ᠬᠡᠷᠡᠭᠲᠡᠢ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠳ ᠤᠯᠤᠰ ᠲᠥᠷᠥ ᠵᠢᠨ ᠬᠡᠪ ᠴᠢᠨᠠᠷ ᠥᠨᠳᠥᠷ᠂ ᠲᠤᠬᠠᠢ᠌ᠯᠠᠭᠰᠠᠨ ᠠᠵᠢᠯ᠎ᠤᠨ ᠴᠢᠳᠠᠪᠤᠷᠢ ᠴᠢᠩᠭ᠎ᠠ᠂ ᠠᠵᠢᠯ᠎ᠤᠨ ᠰᠤᠷᠲᠠᠯ ᠪᠣᠳᠠᠲᠠᠢ ᠠᠵᠢᠯᠲᠠᠨ᠎ᠢ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠳᠠᠩᠰᠠᠯᠠᠯᠲᠠ ᠵᠢᠨ ᠠᠵᠢᠯ᠎ᠤᠨ ᠪᠠᠢ᠌ᠷᠢ᠎ᠳᠤ ᠰᠣᠩᠭᠣᠨ ᠲᠣᠮᠢᠯᠠᠵᠤ᠂ ᠳᠠᠩᠰᠠᠯᠠᠯᠲᠠ ᠵᠢᠨ ᠠᠵᠢᠯᠲᠠᠨ᠎ᠤ ᠬᠠᠷᠢᠴᠠᠩᠭᠤᠢ ᠲᠣᠭᠲᠠᠪᠤᠷᠢᠲᠤ ᠴᠢᠨᠠᠷ᠎ᠢ ᠪᠠᠲᠤᠯᠠᠨ᠂ ᠣᠷᠣᠨ ᠲᠣᠭ᠎ᠠ᠎ᠠᠴᠠ ᠭᠠᠳᠠᠨᠠᠬᠢ ᠠᠵᠢᠯᠲᠠᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠵᠦ ᠬᠢᠨᠠᠨ ᠵᠥᠪᠰᠢᠶᠡᠷᠡᠬᠦ ᠵᠦᠢ᠍ᠯᠡᠰ᠎ᠢ ᠬᠠᠷᠢᠭᠤᠴᠠᠬᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠳᠠᠩᠰᠠᠯᠠᠬᠤ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠮᠡᠳᠡᠯᠭᠡ ᠪᠠ ᠪᠣᠳᠠᠲᠤ ᠶᠠᠪᠤᠳᠠᠯ᠎ᠤᠨ ᠠᠵᠢᠯᠯᠠᠭ᠎ᠠ ᠵᠡᠷᠭᠡ ᠠᠭᠤᠯᠭ᠎ᠠ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠬᠠᠢ᠌ᠯᠠᠭᠰᠠᠨ ᠠᠵᠢᠯ ᠵᠶ᠋ᠠᠨ ᠭᠦᠢ᠍ᠴᠡᠳᠬᠡᠬᠦ᠎ᠳᠤ ᠲᠥᠬᠥᠮ ᠦᠵᠡᠭᠦᠯᠬᠦ ᠬᠡᠷᠡᠭᠲᠡᠢ᠃
《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 〈ᠳᠠᠩᠰᠠᠯᠠᠬᠤ ᠪᠠ ᠬᠠᠮᠢᠶᠠᠷᠬᠤ ᠵᠢ ᠰᠠᠯᠭ᠋ᠠᠬᠤ〉 ᠵᠢ ᠤᠯᠠᠮ ᠵᠢᠷᠤᠮᠵᠢᠭᠤᠯᠵᠤ ᠳᠡᠩᠰᠡᠯᠡᠵᠦ ᠬᠢᠨᠠᠨ ᠪᠠᠢ᠌ᠴᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠢ ᠮᠡᠳᠡᠭᠳᠡᠯ》᠎ᠳᠤ᠎ᠬᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 《ᠨᠡᠢ᠌ᠲᠡᠯᠡᠬᠦ ᠪᠠ ᠬᠠᠮᠢᠶᠠᠷᠬᠤ ᠵᠢ ᠰᠠᠯᠭ᠋ᠠᠬᠤ》 ᠠᠵᠢᠯ᠎ᠢ ᠦᠨᠡᠨ ᠬᠦ᠌ ᠵᠢᠷᠤᠮᠵᠢᠭᠤᠯᠬᠤ ᠵᠢᠨ ᠲᠦᠯᠤᠬᠡ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠪᠠᠢ᠌ᠭᠤᠯᠤᠮᠵᠢ ᠵᠢᠨ ᠣᠷᠣᠨ ᠲᠣᠭ᠎ᠠ ᠵᠢᠨ ᠰᠠᠯᠠᠭ᠎ᠠ ᠮᠥᠴᠢᠷ ᠪᠣᠯᠣᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠢᠭᠡᠳᠬᠡᠵᠦ᠂ ᠡᠯ᠎ᠡ ᠱᠠᠲᠤᠨ᠎ᠤ ᠵᠢᠷᠤᠮᠵᠢᠭᠤᠯᠤᠭᠰᠠᠨ 《ᠨᠡᠢ᠌ᠲᠡᠯᠡᠬᠦ ᠪᠠ ᠬᠠᠮᠢᠶᠠᠷᠬᠤ ᠵᠢ ᠰᠠᠯᠭ᠋ᠠᠬᠤ》 ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠥᠬᠥ ᠲᠠᠯ᠎ᠠ᠎ᠪᠠᠷ ᠡᠵᠡᠮᠰᠢᠨ᠂ ᠬᠠᠮᠢᠶ᠎ᠠ ᠪᠦᠬᠦᠢ ᠠᠢ᠌ᠮᠠᠭ ᠬᠣᠲᠠ᠂ ᠬᠣᠰᠢᠭᠤ ᠰᠢᠶᠠᠨ᠎ᠳᠤ ᠪᠠᠢ᠌ᠴᠠᠭ᠋ᠠᠨ ᠰᠤᠳᠤᠯᠤᠯᠲᠠ ᠬᠢᠵᠦ ᠦᠷ᠎ᠡ ᠪᠦᠲᠦᠮᠵᠢ ᠵᠢ᠎ᠨᠢ ᠠᠰᠠᠭᠤᠵᠤ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠱᠠᠯᠠᠪᠳᠠᠭᠤᠯᠤᠨ ᠵᠢᠯᠤᠭᠣᠳᠴᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠬᠤ ᠬᠡᠷᠡᠭᠲᠡᠢ᠃