ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠠᠬᠢᠭᠤᠯᠬᠤ ᠨᠡᠢ᠌ᠬᠡᠮᠯᠢᠭᠤᠨᠬᠢᠨᠤ ᠳᠥᠷᠪᠡᠳᠦᠭᠡᠷ ᠬᠤᠭᠤᠴᠠᠭ᠋ᠠᠨ᠎ᠤ ᠬᠣᠶᠠᠳᠤᠭ᠋ᠠᠷ ᠤᠳᠠᠭ᠎ᠠ ᠵᠢᠨ ᠭᠡᠰᠢᠭᠦᠳ᠎ᠤᠨ ᠲᠥᠯᠥᠭᠡᠯᠡᠭᠴᠢᠳ᠎ᠤᠨ ᠬᠤᠷᠠᠯ 7 ᠳ᠋ᠤᠭ᠋ᠠᠷ ᠰᠠᠷ᠎ᠠ ᠵᠢᠨ 16᠎ᠤ ᠡᠳᠦᠷ ᠬᠥᠬᠡᠬᠣᠲᠠ᠎ᠳᠤ ᠬᠤᠷᠠᠯᠳᠤᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠂ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ᠎ᠤᠨ ᠳᠠᠷᠤᠭ᠎ᠠ ᠴᠡᠡᠭᠭᠡᠯᠳᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠳᠡᠳ᠋ ᠳᠠᠷᠤᠭ᠎ᠠ ᠯᠦ᠍ ᠬᠣᠩ ᠶᠠᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠲᠥᠪ᠎ᠤᠨ ᠡᠷᠬᠢᠯᠡᠭᠴᠢ ᠯᠢ ᠮᠢᠩ ᠵᠡᠷᠭᠡ ᠤᠳᠤᠷᠢᠳᠤᠯᠭ᠎ᠠ ᠬᠤᠷᠠᠯ᠎ᠳᠤ ᠣᠷᠣᠯᠴᠠᠪᠠ᠃ ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠠᠬᠢᠭᠤᠯᠬᠤ ᠨᠡᠢ᠌ᠭᠡᠮᠯᠢᠭ᠎ᠤᠨ᠎ᠬᠢᠨ᠎ᠤ ᠳᠠᠷᠤᠭ᠎ᠠ ᠬᠤᠸᠠᠩ ᡁᠢ ᠵᠢᠶᠠᠩ᠂ ᠪᠠᠢ᠌ᠩᠭᠤ ᠵᠢᠨ ᠳᠡᠳ᠋ ᠳᠠᠷᠤᠭ᠎ᠠ ᠪᠥᠭᠡᠳ ᠨᠠᠷᠢᠨ ᠪᠢᠴᠢᠭ᠎ᠤᠨ ᠳᠠᠷᠤᠭ᠎ᠠ ᠵᠢᠩ ᠴᠢᠩ ᠪᠤᠯᠤᠨ 114 ᠭᠡᠰᠢᠭᠦᠨ ᠨᠢᠬᠡᠴᠢ ᠵᠢᠨ ᠲᠥᠯᠥᠭᠡᠯᠡᠭᠴᠢ ᠬᠤᠷᠠᠯ᠎ᠳᠤ ᠣᠷᠣᠯᠴᠠᠪᠠ᠃
ᠬᠤᠷᠠᠯ ᠲᠡᠬᠡᠷ᠎ᠡ 2022 ᠣᠨ᠎ᠤ ᠠᠵᠢᠯ᠎ᠤᠨ ᠮᠡᠳᠡᠭᠦᠯᠦᠯᠲᠡ ᠪᠠ ᠡᠳ᠋᠎ᠤᠨ ᠶᠠᠪᠤᠳᠠᠯ᠎ᠤᠨ ᠮᠡᠳᠡᠭᠦᠯᠦᠯᠲᠡ᠂ 《ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠠᠬᠢᠭᠤᠯᠬᠤ ᠨᠡᠢ᠌ᠬᠡᠮᠯᠢᠭ᠎ᠤᠨ ᠳᠦᠷᠢᠮ》 (ᠵᠠᠰᠠᠪᠤᠷᠢ ᠣᠷᠣᠭᠤᠯᠤᠭᠰᠠᠨ ᠲᠥᠰᠥᠯ)᠎ᠢ ᠬᠢᠨᠠᠨ ᠵᠥᠪᠯᠡᠵᠦ ᠪᠠᠲᠤᠯᠠᠪᠠ᠃ ᠬᠠᠤᠯᠢ ᠴᠠᠭ᠋ᠠᠵᠠ ᠵᠢᠨ ᠦᠢ᠍ᠯᠡᠴᠢᠯᠡᠭᠡ᠂ ᠪᠠᠷᠢᠮᠵᠢᠶᠠᠵᠢᠭᠤᠯᠤᠯᠲᠠ ᠵᠢᠨ ᠠᠵᠢᠯ᠂ ᠡᠳ᠋᠎ᠤᠨ ᠵᠠᠰᠠᠭ ᠭᠠᠢ᠌ᠯᠢ ᠮᠥᠩᠭᠥᠨ ᠭᠦᠢ᠍ᠯᠭᠡᠭᠡ ᠵᠡᠷᠭᠡ ᠭᠤᠷᠪᠠᠨ ᠲᠤᠰᠬᠠᠢ ᠠᠵᠢᠯ᠎ᠤᠨ ᠺᠣᠮᠢᠰ᠎ᠢ ᠪᠠᠶ᠋ᠢᠭᠤᠯᠬᠤ ᠵᠢ ᠬᠢᠨᠠᠨ ᠶᠠᠷᠢᠯᠴᠠᠵᠤ ᠪᠠᠲᠤᠯᠠᠭ᠋ᠠᠳ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠨᠡᠢ᠌ᠭᠡᠮᠯᠢᠭ᠎ᠲᠤ ᠰᠢᠨ᠎ᠡ᠎ᠪᠠᠷ ᠣᠷᠣᠭᠰᠠᠨ 72 ᠭᠡᠰᠢᠭᠦᠳ᠎ᠤᠨ ᠨᠡᠷᠡᠰ ᠪᠠ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠨᠡᠢ᠌ᠭᠡᠮᠯᠢᠭ᠎ᠤᠨ ᠳᠡᠳ᠋ ᠳᠠᠷᠤᠭ᠎ᠠ᠂ ᠨᠢᠭᠡᠴᠢ᠂ ᠪᠠᠢ᠌ᠩᠭᠤ ᠵᠢᠨ ᠬᠡᠷᠡᠭ ᠡᠷᠬᠢᠯᠡᠬᠦ ᠨᠢᠭᠡᠴᠢ᠂ ᠬᠡᠷᠡᠭ ᠡᠷᠬᠢᠯᠡᠬᠦ ᠨᠢᠭᠡᠴᠢ᠂ ᠨᠡᠢ᠌ᠭᠡᠮᠯᠢᠭ᠎ᠤᠨ ᠭᠡᠰᠢᠭᠦᠨ ᠨᠢᠭᠡᠴᠢ ᠵᠢᠨ ᠨᠡᠷᠡᠰ᠎ᠢ ᠬᠢᠨᠠᠨ ᠶᠠᠷᠢᠯᠴᠠᠵᠤ ᠪᠠᠲᠤᠯᠠᠭ᠋ᠠᠳ᠂ ᠳᠥᠷᠪᠡᠳᠦᠭᠡᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ 25 ᠬᠡᠷᠡᠭ ᠡᠷᠬᠢᠯᠡᠭᠴᠢ᠂ ᠪᠠᠢ᠌ᠩᠭᠤ ᠵᠢᠨ ᠬᠡᠷᠡᠭ ᠡᠷᠬᠢᠯᠡᠭᠴᠢ᠂ ᠨᠡᠢ᠌ᠭᠡᠮᠯᠢᠭ᠎ᠤᠨ 17 ᠳᠡᠳ᠋ ᠳᠠᠷᠤᠭ᠎ᠠ ᠵᠢ ᠨᠥᠬᠥᠪᠦᠷᠢᠯᠡᠪᠡ᠃
ᠨᠡᠢ᠌ᠬᠡᠮᠯᠢᠭ᠎ᠤᠨ ᠳᠠᠷᠤᠭ᠎ᠠ ᠬᠤᠸᠠᠩ ᡁᠢ ᠵᠢᠶᠠᠩ ᠳ᠋ᠦᠩᠨᠡᠯᠲᠡ ᠵᠢᠨ ᠶᠠᠷᠢᠶᠠᠨ᠎ᠳᠤ᠎ᠪᠠᠨ ᠴᠢᠬᠤᠯᠠᠴᠢᠯᠠᠬᠰᠠᠨ᠎ᠨᠢ᠂ ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠬᠤ ᠵᠢ ᠪᠠᠷᠢᠮᠲᠠᠯᠠᠵᠤ᠂ ᠵᠥᠪ ᠤᠯᠤᠰ ᠲᠦᠷᠦ ᠵᠢᠨ ᠴᠢᠭᠯᠡᠯ᠎ᠢ ᠪᠠᠲᠤᠯᠠᠬᠤ ᠬᠡᠷᠡᠭᠲᠡᠢ᠃ ᠦᠢ᠍ᠯᠡᠴᠢᠯᠡᠭᠡᠨ᠎ᠤ ᠦᠢ᠍ᠯᠡᠳᠦᠯ᠎ᠢ ᠪᠠᠳᠠᠷᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠰᠠᠬᠢᠯᠭ᠎ᠠ ᠵᠢ ᠰᠠᠬᠢᠬᠤ ᠬᠦᠭᠵᠢᠬᠦᠯᠤᠯᠳᠡ ᠵᠢ ᠪᠠᠷᠢᠮᠲᠠᠯᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠠᠢ᠌ᠨ ᠰᠠᠢ᠌ᠬᠠᠨ ᠳᠦᠷᠢ ᠲᠥᠷᠬᠦ ᠵᠢ ᠢᠯᠡᠷᠡᠭᠦᠯᠬᠦ ᠬᠡᠷᠡᠭᠳᠡᠢ᠃ ᠨᠢᠮᠪᠠᠢ ᠲᠥᠯᠥᠪᠯᠡᠨ ᠪᠠᠢ᠌ᠷᠢᠯᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠳᠥᠷᠪᠡᠨ ᠲᠠᠯ᠎ᠠ᠎ᠪᠠᠷ ᠲᠠᠷᠠᠭ᠋ᠠᠴᠢ ᠵᠢᠨ ᠠᠵᠢᠯ ᠵᠢ ᠪᠠᠢ᠌ᠷᠢᠯᠠᠭᠤᠯᠬᠤ ᠬᠡᠷᠡᠭᠳᠡᠢ᠃ 2023 ᠣᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠡᠬᠢᠯᠡᠯᠲᠡ ᠵᠢᠨ ᠵᠢᠯ ᠮᠥᠨ᠂ ᠨᠡᠢ᠌ᠭᠡᠮ ᠵᠤᠬᠢᠶᠠᠨ ᠪᠠᠢ᠌ᠭᠤᠯᠤᠯᠳᠠ ᠵᠢ ᠠᠬᠢᠭᠤᠯᠬᠤ ᠨᠡᠢ᠌ᠬᠡᠮᠯᠢᠭ᠎ᠤᠨ᠎ᠬᠢᠨ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠵᠦ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢ ᠠᠬᠢᠭᠤᠯᠬᠤ ᠨᠡᠢ᠌ᠬᠡᠮᠯᠢᠭᠤᠨᠬᠢᠨᠤ ᠨᠠᠮ᠎ᠤᠨ ᠵᠣᠷᠢᠯᠲᠠ ᠵᠢ ᠤᠬᠠᠭᠤᠯᠬᠤ᠂ ᠨᠠᠮ᠎ᠤᠨ ᠲᠣᠭᠲᠠᠭ᠋ᠠᠯ᠎ᠢ ᠲᠤᠭᠤᠰᠢᠯᠠᠭᠤᠯᠬᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢ ᠳᠠᠭ᠋ᠠᠭᠤᠯᠬᠤ᠂ ᠤᠯᠠᠨ ᠲᠦᠮᠡᠨ᠎ᠢ ᠪᠦᠯᠬᠦᠮᠳᠡᠭᠦᠯᠦᠨ ᠳᠠᠢ᠌ᠴᠢᠯᠠᠬᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠲᠠᠪᠴᠠᠩ ᠪᠣᠯᠭ᠋ᠠᠬᠤ ᠬᠡᠷᠡᠭᠲᠡᠢ᠃ ᠦᠵᠡᠯ ᠰᠠᠨᠠᠭ᠋ᠠᠨ᠎ᠤ ᠪᠠᠢ᠌ᠭᠤᠯᠤᠯᠲᠠ᠎ᠪᠠᠷ ᠵᠢᠯᠣᠭᠣᠳᠤᠮᠵᠢ ᠪᠣᠯᠭ᠋ᠠᠵᠤ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ᠎ᠪᠠᠷ ᠪᠠᠲᠤᠯᠠᠭ᠎ᠠ ᠪᠣᠯᠭ᠋ᠠᠵᠤ᠂ ᠰᠤᠷᠲᠠᠯ᠎ᠤᠨ ᠪᠠᠢ᠌ᠭᠤᠯᠤᠯᠲᠠ᠎ᠪᠠᠷ ᠪᠠᠷᠢᠴᠨ ᠪᠤᠯᠭ᠋ᠠᠨ ᠰᠠᠬᠢᠯᠭ᠎ᠠ ᠪᠠᠲᠤ ᠵᠢᠨ ᠪᠠᠢ᠌ᠭᠤᠯᠤᠯᠲᠠ᠎ᠪᠠᠷ ᠦᠨᠳᠦᠰᠦ ᠪᠣᠯᠭ᠋ᠠᠵᠤ᠂ ᠨᠠᠮ᠎ᠢ ᠴᠢᠩᠭ᠎ᠠ ᠵᠠᠰᠠᠵᠤ ᠨᠡᠢ᠌ᠬᠡᠮᠯᠢᠭᠢ ᠴᠢᠩᠭ᠎ᠠ ᠵᠠᠰᠠᠬᠤ ᠬᠡᠷᠡᠭᠲᠡᠢ᠃
ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ 《ᠯᠠᠪᠳᠠᠭᠤᠨ ᠵᠶ᠋ᠠᠷ ᠠᠯᠤᠰ᠎ᠢ ᠵᠣᠷᠢᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠡᠷᠡᠭᠦᠯ ᠳᠢᠭᠯᠢᠮ᠎ᠲᠠᠢ ᠬᠥᠭᠵᠢᠭᠦᠯᠬᠦ》 ᠬᠦᠰᠡᠯ ᠡᠭᠦᠷᠭᠡ ᠵᠢ ᠪᠤᠶ ᠪᠣᠯᠭ᠋ᠠᠵᠤ᠂ 《ᠤᠯᠤᠰ᠎ᠲᠤ ᠦᠢ᠍ᠯᠡᠴᠢᠯᠡᠬᠦ᠂ ᠨᠡᠢ᠌ᠭᠡᠮ᠎ᠳᠤ ᠦᠢ᠍ᠯᠡᠴᠢᠯᠡᠬᠦ᠂ ᠠᠵᠢᠯ ᠲᠥᠷᠥᠯ᠎ᠳᠤ ᠦᠢ᠍ᠯᠡᠴᠢᠯᠡᠬᠦ᠂ ᠭᠡᠰᠢᠭᠦᠳ᠎ᠲᠤ ᠦᠢ᠍ᠯᠡᠴᠢᠯᠡᠬᠦ》᠎ᠪᠠᠷ ᠵᠣᠷᠢᠯᠲᠠ ᠪᠤᠯᠭ᠋ᠠᠨ᠂ 《ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠠᠢ᠌ᠨ ᠬᠠᠪᠰᠤᠷᠤᠭᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠠᠢ᠌ᠨ ᠬᠠᠨᠢᠲᠠᠨ》 ᠵᠶ᠋ᠠᠷ ᠣᠢ᠌ᠯᠠᠭ᠋ᠠᠭᠳᠠᠬᠤᠨ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠢ ᠰᠠᠨᠠᠯ》᠎ᠢ ᠨᠠᠢ᠌ᠳᠠᠪᠤᠷᠢᠵᠢᠭᠤᠯᠬᠤ᠎ᠪᠠᠷ ᠪᠠᠷᠢᠴᠨ ᠪᠤᠯᠭ᠋ᠠᠨ 《ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ᠂ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ᠂ ᠣᠯᠠᠨ ᠨᠡᠶ᠋ᠢᠲᠡ ᠵᠢᠨ ᠬᠦᠰᠡᠯ ᠱᠠᠭ᠋ᠠᠷᠳᠠᠯᠭ᠎ᠠ ᠵᠢ ᠲᠤᠰᠬᠠᠬᠤ᠂ ᠠᠵᠤ ᠠᠬᠤᠢ ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠬᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ》 ᠠᠵᠢᠯ᠎ᠤᠨ ᠱᠠᠭ᠋ᠠᠷᠳᠠᠯᠭ᠎ᠠ᠎ᠪᠠᠷ ᠠᠵᠢᠯ ᠲᠥᠷᠥᠯ᠎ᠤᠨ ᠬᠦᠴᠦᠨ᠎ᠢ ᠨᠢᠭᠲᠠᠷᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠲᠠᠪᠤᠨ ᠶᠡᠬᠡ ᠡᠭᠦᠷᠭᠡ ᠵᠢ ᠨᠠᠢ᠌ᠳᠠᠪᠤᠷᠢᠵᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠦᠢ᠍ᠯᠡᠴᠢᠯᠡᠬᠦᠯᠬᠦ ᠬᠡᠷᠡᠭᠳᠡᠢ᠃