ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠤᠷᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠢ ᠣᠯᠠᠨ ᠠᠷᠭ᠎ᠠ᠎ᠪᠠᠷ ᠵᠢᠯᠤᠭᠣᠳᠴᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠭᠤᠯᠳᠠ᠎ᠳᠤ ᠬᠦᠴᠤᠨ ᠨᠡᠮᠡᠷᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2023-07-19

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠤᠨ ᠬᠤᠶᠠᠷ ᠵᠢᠯ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ᠎ᠳᠤ ᠬᠦᠴᠦᠨ ᠨᠡᠮᠡᠷᠢᠯᠡᠬᠦ ᠵᠢ 《ᠠᠷᠠᠳ᠎ᠤᠨ ᠲᠥᠯᠥᠭᠡ ᠪᠣᠳᠠᠲᠠᠢ ᠶᠠᠪᠤᠳᠠᠯ ᠬᠢᠬᠦ》 ᠢᠨᠵᠧᠨᠧᠷᠢᠩ ᠪᠣᠯᠭ᠋ᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠤᠯᠤᠨ ᠬᠠᠷᠢᠶ᠎ᠠ ᠭᠡᠰᠢᠭᠦᠨ ᠨᠢᠬᠡᠴᠢ ᠵᠢᠨ᠎ᠬᠢᠨ᠎ᠢ ᠳᠠᠶ᠋ᠢᠴᠢᠯᠠᠨ᠂ ᠠᠵᠢᠯ᠎ᠤᠨ ᠪᠠᠢ᠌ᠷᠢ ᠨᠡᠭᠡᠭᠡᠬᠦ᠂ ᠳᠠᠳᠤᠯᠭ᠎ᠠ ᠵᠢᠨ ᠠᠵᠢᠯ᠎ᠤᠨ ᠪᠠᠢ᠌ᠷᠢ ᠬᠠᠩᠭ᠋ᠠᠬᠤ᠂ ᠠᠵᠢᠯ ᠣᠯᠭᠣᠬᠤ ᠲᠠᠪᠴᠠᠩ ᠪᠠᠶ᠋ᠢᠭᠤᠯᠬᠤ᠂ ᠠᠵᠢᠯ ᠣᠯᠭᠣᠬᠤ ᠵᠢᠯᠣᠭᠣᠳᠤᠯᠭ᠎ᠠ ᠵᠢ ᠴᠢᠩᠭ᠋ᠠᠳᠬᠠᠬᠤ᠂ ᠠᠵᠢᠯ ᠣᠯᠭᠣᠬᠤ ᠪᠠ ᠤᠷᠢᠬᠤ ᠴᠤᠭᠯᠠᠭ᠋ᠠᠨ ᠡᠷᠭᠢᠯᠡᠬᠦ ᠵᠡᠷᠭᠡ ᠣᠯᠠᠨ ᠠᠷᠭ᠎ᠠ᠎ᠪᠠᠷ ᠣᠶᠤᠲᠠᠳ᠎ᠲᠤ ᠠᠵᠢᠯ ᠤᠯᠭᠤᠬᠤ ᠠᠵᠢᠯ᠎ᠢ ᠬᠦᠴᠦᠲᠡᠢ ᠠᠬᠢᠭᠤᠯᠤᠭᠰᠠᠨ ᠪᠠᠢ᠌ᠨ᠎ᠠ᠃ ᠦᠨᠤ ᠵᠢᠯ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠠᠷᠭ᠎ᠠ᠎ᠪᠠᠷ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ  ᠠᠵᠢᠯᠯᠠᠭ᠎ᠠ ᠵᠢ 300 ᠭᠠᠷᠤᠢ ᠤᠳᠠᠭ᠎ᠠ ᠡᠷᠭᠢᠯᠡᠵᠦ᠂ 8000 ᠭᠠᠷᠤᠢ ᠠᠵᠢᠯᠲᠠᠨ ᠡᠯᠰᠡᠬᠦ ᠪᠠ ᠳᠠᠭ᠋ᠠᠵᠤ ᠰᠤᠷᠬᠤ ᠠᠵᠢᠯ᠎ᠤᠨ ᠪᠠᠢ᠌ᠷᠢ ᠵᠢ ᠨᠡᠢ᠌ᠲᠡᠯᠡᠵᠦ᠂ 2226 ᠤᠶᠤᠳᠠᠳ᠎ᠢ ᠤᠷᠢᠨ ᠬᠡᠷᠡᠭᠯᠡᠭᠰᠡᠨ ᠪᠠᠢ᠌ᠨ᠎ᠠ᠃
   ᠵᠢᠯ᠎ᠤᠨ ᠡᠬᠢᠨ᠎ᠤ ᠲᠢᠩᠬᠢᠮ᠎ᠤᠨ ᠣᠨ᠎ᠤ ᠠᠵᠢᠯ ᠪᠠᠢ᠌ᠷᠢᠯᠠᠭᠤᠯᠬᠤ ᠬᠤᠷᠠᠯ ᠳᠡᠭᠡᠷ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠤᠶᠤᠳᠠᠳ᠎ᠲᠤ ᠠᠵᠢᠯ ᠤᠯᠭᠤᠬᠤ ᠠᠵᠢᠯ᠎ᠢ ᠳᠡᠮᠵᠢᠬᠦ ᠲᠠᠯ᠎ᠠ᠎ᠪᠠᠷ ᠪᠠᠢ᠌ᠷᠢᠯᠠᠭᠤᠯᠤᠬᠰᠠᠨ ᠰᠠᠭᠤᠷᠢᠨ ᠳᠡᠭᠡᠷ᠎ᠡ ᠬᠣᠶᠠᠳᠤᠭ᠋ᠠᠷ ᠤᠯᠠᠷᠢᠯ᠎ᠳᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠲᠤᠪᠴᠢᠶ᠎ᠠ ᠵᠢᠨ᠎ᠬᠢᠨ ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠳᠤ 《ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠶ᠋ᠢᠴᠢᠯᠠᠨ ᠤᠶᠤᠳᠠᠳ᠎ᠤᠨ ᠠᠵᠢᠯ ᠣᠯᠭᠣᠯᠲᠠ᠎ᠳᠤ ᠬᠦᠴᠦᠨ ᠨᠡᠮᠡᠷᠢᠯᠡᠬᠦ ᠲᠤᠬᠠᠢ ᠰᠠᠨᠠᠭ᠋ᠠᠴᠢᠯᠠᠭ᠎ᠠ ᠵᠢᠨ ᠪᠢᠴᠢᠭ》 ᠭᠠᠷᠭ᠋ᠠᠵᠤ᠂ ᠡᠯ᠎ᠡ ᠲᠥᠷᠥᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠤᠯᠤᠨ ᠭᠡᠰᠢᠭᠦᠨ ᠨᠢᠬᠡᠴᠢ ᠵᠢ ᠠᠵᠢᠯ ᠣᠯᠭᠣᠯᠲᠠ ᠵᠢᠨ ᠳᠠᠯᠳᠠ ᠬᠦᠴᠦᠨ᠎ᠢ ᠭᠦᠢ᠍ᠴᠡᠳ ᠠᠭᠤᠳᠠᠯᠵᠤ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠬᠠᠨᠳᠤᠭᠤᠯᠤᠨ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠴᠢᠯᠦᠭᠡᠲᠡᠢ ᠪᠣᠯᠭ᠋ᠠᠵᠤ᠂ ᠳᠠᠳᠤᠯᠭ᠎ᠠ ᠵᠢᠨ ᠠᠵᠢᠯ᠎ᠤᠨ ᠪᠠᠢ᠌ᠷᠢ ᠭᠠᠷᠭ᠋ᠠᠬᠤ ᠪᠠ ᠠᠮᠢᠳᠤᠯᠢᠭ ᠠᠵᠢᠯ᠎ᠤᠨ ᠪᠠᠢ᠌ᠷᠢ ᠬᠠᠩᠭ᠋ᠠᠵᠤ᠂ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ ᠣᠯᠭᠣᠬᠤ ᠴᠢᠳᠠᠪᠤᠷᠢ ᠵᠢ ᠦᠷᠬᠡᠳᠬᠡᠪᠡ᠃ ᠠᠳᠠᠯ ᠦᠢ᠍ᠯᠡᠰ ᠴᠣᠭᠴᠠᠯᠠᠬᠤ ᠬᠣᠯᠪᠣᠭ᠋ᠠᠲᠤ ᠬᠤᠷᠠᠯ᠂ ᠠᠵᠢᠯ ᠣᠯᠭᠣᠯᠲᠠ ᠵᠢ ᠠᠬᠢᠭᠤᠯᠬᠤ ᠬᠤᠷᠠᠯ᠂  ᠬᠠᠮᠳᠤ ᠰᠤᠷᠤᠯᠭ᠋ᠠᠳᠠᠳ᠎ᠤᠨ ᠬᠤᠷᠠᠯ ᠵᠡᠷᠭᠡ ᠵᠣᠬᠢᠶᠠᠨ ᠪᠠᠢ᠌ᠭᠤᠯᠤᠯᠲᠠ ᠵᠢᠨ ᠠᠵᠢᠯ ᠣᠯᠭᠣᠯᠲᠠ ᠵᠢᠨ ᠮᠡᠳᠡᠭᠡ ᠵᠠᠩᠭᠢ ᠵᠢᠨ ᠲᠠᠪᠴᠠᠩ ᠪᠠᠶ᠋ᠢᠭᠤᠯᠬᠤ ᠵᠢ ᠳᠡᠮᠵᠢᠵᠦ᠂ ᠮᠡᠳᠡᠭᠡ ᠵᠠᠩᠭᠢ ᠨᠡᠢ᠌ᠲᠡᠯᠡᠬᠦ ᠵᠡᠷᠭᠡ ᠦᠢ᠍ᠯᠡᠴᠢᠯᠡᠭᠡ ᠬᠠᠡᠭᠭ᠋ᠠᠪᠠ᠃ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠥᠪᠥᠷ ᠮᠣᠩᠭᠣᠯ᠎ᠤᠨ ᠣᠶᠤᠲᠠᠳ᠎ᠤᠨ ᠠᠳᠠᠯ ᠦᠢ᠍ᠯᠡᠰ ᠴᠣᠭᠴᠠᠯᠠᠬᠤ ᠬᠣᠯᠪᠣᠭ᠋ᠠᠲᠤ ᠬᠤᠷᠠᠯ᠎ᠤᠨ ᠠᠵᠢᠯ ᠣᠯᠭᠣᠬᠤ ᠦᠢ᠍ᠯᠡᠴᠢᠯᠡᠭᠡᠨ᠎ᠤ ᠲᠠᠪᠴᠠᠩ᠎ᠢ ᠨᠡᠷᠡᠯᠡᠨ ᠲᠣᠭᠲᠠᠭ᠋ᠠᠵᠤ᠂ ᠰᠦᠯᠵᠢᠶᠡᠨ ᠳᠡᠭᠡᠷ᠎ᠡ ᠤᠷᠢᠬᠤ ᠪᠠ ᠮᠥᠷᠳᠡᠨ ᠵᠢᠯᠤᠭᠣᠳᠬᠤ ᠦᠢ᠍ᠯᠡᠴᠢᠯᠡᠭᠡ ᠵᠢ ᠥᠷᠨᠢᠭᠦᠯᠵᠦ᠂ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠠᠵᠢᠯ᠎ᠢ ᠰᠠᠢ᠌ᠲᠤᠷ ᠬᠢᠵᠡᠢ᠃ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠰᠤᠷᠤᠭᠴᠢᠳ᠎ᠤᠨ ᠡᠪᠯᠡᠯ ᠴᠦ᠍ ᠠᠵᠢᠯ ᠣᠯᠭᠣᠯᠲᠠ ᠵᠢᠨ ᠴᠥᠷᠬᠥᠯᠡᠭᠡ ᠲᠠᠪᠴᠠᠩ᠎ᠢ ᠪᠠᠢ᠌ᠭᠤᠯᠵᠤ᠂ ᠣᠶᠤᠲᠠᠳ᠎ᠤᠨ ᠰᠢᠨ᠎ᠡ ᠵᠢ ᠡᠭᠦᠳᠬᠦ ᠬᠣᠯᠪᠣᠭ᠋ᠠᠲᠤ ᠬᠤᠷᠠᠯ᠎ᠨᠢ ᠠᠷᠠᠳ᠎ᠤᠨ ᠶᠠᠪᠤᠳᠠᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠂ ᠠᠵᠢᠯᠴᠢᠨ᠎ᠤ ᠶᠡᠷᠦᠩᠬᠡᠢ ᠡᠪᠯᠡᠯ ᠵᠡᠷᠭᠡ ᠨᠢᠬᠡᠴᠢ ᠵᠢᠨ᠎ᠬᠢᠨ᠎ᠲᠠᠢ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭ᠋ᠠᠨ᠎ᠢ 21 ᠤᠳᠠᠭ᠎ᠠ ᠡᠷᠭᠢᠯᠡᠵᠦ᠂ ᠠᠵᠢᠯ ᠣᠯᠣᠭᠰᠠᠨ ᠪᠠ ᠳᠠᠳᠤᠯᠭ᠎ᠠ ᠵᠢᠨ ᠣᠶᠤᠲᠠᠨ᠎ᠢ 234 ᠡᠯᠰᠡᠪᠡ᠃
 








  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠱᠣᠸ᠋ ᠵᠥᠩ ᠨᠠᠷ ᠥᠪᠥᠷ ᠮᠣᠩᠭᠣᠯ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯᠲᠠ᠎ᠳᠤ ᠲᠣᠬᠢᠷᠠᠬᠤ ᠦᠢ᠍ᠯᠡᠳᠬᠦᠨ᠎ᠤ ᠦᠵᠡᠬᠦᠯᠤᠯᠬᠡ ᠦᠢ᠍ᠯᠡᠴᠢᠯᠡᠬᠡᠨ᠎ᠤ ᠵᠢᠱ᠌ᠢᠶ᠎ᠡ ᠦᠵᠡᠭᠦᠯᠬᠦ ᠲᠥᠪ᠎ᠢ ᠲᠣᠭᠣᠷᠢᠨ ᠦᠵᠡᠪᠡ
ᠲᠤᠰᠠᠯᠠᠮᠵᠢ ᠵᠢᠨ ᠮᠥᠩᠭᠥ ᠲᠠᠷᠬᠠᠭ᠋ᠠᠬᠤ ᠠᠵᠢᠯ᠎ᠢ ᠰᠠᠢ᠌ᠲᠤᠷ ᠬᠢᠵᠦ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠳᠤᠯᠠᠵᠤ ᠪᠠᠢ᠌ᠨ᠎ᠠ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠠᠬᠢᠭᠤᠯᠬᠤ ᠨᠡᠢ᠌ᠬᠡᠮᠯᠢᠭ᠎ᠤᠨ᠎ᠬᠢᠨ ᠳᠥᠷᠪᠡᠳᠦᠭᠡᠷ ᠬᠤᠭᠤᠴᠠᠭ᠋ᠠᠨ᠎ᠤ ᠬᠣᠶᠠᠳᠤᠭ᠋ᠠᠷ ᠤᠳᠠᠭ᠎ᠠ ᠵᠢᠨ ᠭᠡᠰᠢᠭᠦᠳ᠎ᠤᠨ ᠲᠦᠯᠤᠭᠡᠯᠡᠭᠴᠢ ᠵᠢᠨ ᠬᠤᠷᠠᠯ᠎ᠢ ᠬᠤᠷᠠᠯᠳᠤᠭᠤᠯᠪᠠ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠠᠵᠢᠯ᠎ᠢ ᠭᠤᠷᠪᠠᠨ ᠠᠷᠭ᠎ᠠ᠎ᠪᠠᠷ ᠰᠠᠢ᠌ᠲᠤᠷ ᠬᠢᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠲᠠᠪᠤᠳᠤᠭ᠋ᠠᠷ ᠬᠤᠷᠠᠯ ᠬᠠᠮᠲᠤᠷᠠᠭᠰᠠᠨ ᠲᠤᠭᠤᠢ᠌ᠯᠠᠡᠭ᠎ᠤᠨ ᠬᠤᠷᠠᠯ ᠬᠤᠷᠠᠯᠳᠤᠭᠤᠯᠪᠠ
 
            