ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠠᠵᠢᠯ᠎ᠢ ᠭᠤᠷᠪᠠᠨ ᠠᠷᠭ᠎ᠠ᠎ᠪᠠᠷ ᠰᠠᠢ᠌ᠲᠤᠷ ᠬᠢᠵᠤ ᠪᠠᠢ᠌ᠨ᠎ᠠ
ᠨᠡᠶᠢᠲᠡᠯᠡᠭᠰᠡᠨ ᠴᠠᠭ᠄ 2023-07-19

   ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠦᠭᠡᠮᠡᠯ ᠬᠠᠷᠠᠭ᠋ᠠᠯᠵᠠᠯ᠂ ᠦᠨᠳᠦᠰᠦᠨ ᠪᠠᠳᠤᠯᠠᠭ᠎ᠠ᠂ ᠰᠠᠭᠤᠷᠢ ᠴᠢᠨᠠᠷᠳᠠᠢ ᠠᠷᠠᠳ᠎ᠤᠨ ᠠᠮᠢᠳᠤᠷᠠᠯ᠎ᠤᠨ ᠠᠵᠢᠯ᠎ᠢ ᠰᠠᠢ᠌ᠳᠤᠷ ᠬᠢᠬᠦ ᠵᠢᠨ ᠲᠤᠰᠠᠳᠠ᠂ ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ  ᠬᠦᠴᠢᠷᠳᠡᠯ᠎ᠳᠤ  ᠲᠤᠯᠭ᠋ᠠᠷᠠᠭᠰᠠᠨ ᠬᠡᠦᠬᠡᠳ᠎ᠢ  ᠬᠠᠯᠠᠮᠵᠢᠯᠠᠬᠤ ᠠᠵᠢᠯ᠎ᠢ ᠭᠤᠷᠪᠠᠨ ᠠᠷᠭ᠎ᠠ᠎ᠪᠠᠷ ᠰᠠᠢ᠌ᠲᠤᠷ ᠬᠢᠵᠤ ᠪᠠᠢ᠌ᠨ᠎ᠠ᠃
     ᠨᠢᠭᠡ᠎ᠳᠤ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠢ ᠲᠤᠰᠬᠠᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠭᠦᠨᠵᠡᠭᠡᠢ ᠦᠷᠨᠢᠬᠦᠯᠪᠡ᠃ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠪᠤᠳᠠᠳᠠᠢ ᠠᠰᠠᠷᠠᠨ ᠲᠡᠵᠢᠬᠡᠬᠦ ᠬᠥᠮᠥᠨ ᠦᠭᠡᠢ ᠬᠡᠦᠬᠡᠳ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》 《  ᠨᠤᠴᠢᠳᠠᠢ  ᠵᠡᠮᠳᠡᠭᠴᠤᠳ᠎ᠤᠨ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠨᠠᠰᠤᠨ᠎ᠳᠤ ᠬᠦᠷᠦᠭᠡᠳᠦᠶ ᠬᠡᠦᠬᠡᠳ᠎ᠢ ᠬᠠᠯᠠᠮᠵᠢᠯᠠᠬᠤ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 ᠵᠡᠷᠭᠡ ᠪᠢᠴᠢᠭ ᠮᠠᠲ᠋ᠧᠷᠢᠶᠠᠯ᠎ᠢ ᠲᠣᠭᠲᠠᠭ᠋ᠠᠨ ᠪᠠᠭᠤᠯᠭ᠋ᠠᠵᠠᠢ᠃ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠢᠳᠡᠪᠬᠢᠲᠡᠢ᠎ᠪᠠᠷ ᠳᠠᠭ᠋ᠠᠵᠤ᠂ ᠬᠡᠦᠬᠡᠳ᠎ᠤᠨ ᠬᠢᠨᠠᠨ ᠵᠢᠯᠣᠭᠣᠳᠤᠭᠴᠢ᠂ ᠬᠡᠦᠬᠡᠳ᠎ᠤᠨ ᠡᠷᠬᠢᠯᠡᠭᠴᠢ ᠬᠡᠷ᠎ᠲᠤ᠎ᠨᠢ ᠬᠦᠷᠴᠦ ᠪᠠᠢ᠌ᠴᠠᠭ᠋ᠠᠯᠲᠠ ᠬᠢᠬᠦ᠎ᠪᠠᠷ ᠳᠡᠮᠵᠢᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠦᠨᠳᠦᠰᠦᠨ ᠪᠠᠢ᠌ᠳᠠᠯ᠎ᠢ ᠴᠠᠭ ᠲᠤᠬᠠᠢ᠎ᠳᠤ᠎ᠨᠢ ᠬᠠᠷᠭᠤᠭᠤᠯᠵᠤ᠂ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠢ ᠪᠠᠲᠤᠯᠠᠪᠠᠰᠤ ᠵᠣᠬᠢᠬᠤ ᠵᠢ᠎ᠨᠢ ᠪᠦᠬᠦᠨ᠎ᠢ ᠪᠠᠲᠤᠯᠠᠵᠤ᠂ ᠨᠢᠭᠡ ᠬᠥᠮᠥᠨ᠎ᠢ ᠴᠦ᠍ ᠣᠷᠬᠢᠭᠳᠠᠭᠤᠯᠬᠤ ᠦᠭᠡᠢ ᠪᠠᠢ᠌ᠬᠤ ᠵᠢ ᠪᠠᠳᠤᠯᠠᠪᠠ᠃ ᠬᠡᠷ᠎ᠲᠤ᠎ᠨᠢ ᠬᠦᠷᠴᠤ ᠵᠢᠬᠰᠠᠭ᠋ᠠᠨ ᠪᠠᠢ᠌ᠴᠠᠭ᠋ᠠᠭ᠋ᠠᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ᠂ ᠨᠦᠬᠦᠡᠴᠯ᠎ᠳᠤ ᠨᠡᠢ᠌ᠴᠡᠬᠦ 81 ᠬᠡᠦᠬᠡᠳ᠎ᠢ ᠪᠠᠲᠤᠯᠠᠭ᠎ᠠ᠎ᠳᠤ ᠣᠷᠣᠭᠤᠯᠤᠭᠰᠠᠨ ᠪᠠᠢ᠌ᠨ᠎ᠠ᠃ 
    ᠬᠣᠶᠠᠷ᠎ᠲᠤ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠢ ᠮᠠᠭ᠋ᠠᠳᠯᠠᠨ ᠲᠤᠬᠳᠠᠭ᠋ᠠᠬᠤ᠂ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠵᠢ 《ᠮᠤᠵᠢ ᠠᠯᠤᠰᠯᠠᠨ  ᠲᠤᠭᠤᠰᠢᠳᠠᠢ ᠬᠦᠢ᠍ᠴᠡᠳᠬᠡᠬᠦ》 ᠠᠵᠢᠯ᠎ᠢ ᠦᠷᠭᠦᠯᠵᠢᠯᠡᠨ ᠦᠷᠨᠢᠬᠦᠯᠪᠡ᠃ ᠵᠦᠸᠧᠽᠢ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠥᠬᠡᠬᠣᠲᠠ ᠵᠢᠨ ᠢᠤᠶ᠋ᠢᠴᠢᠤᠸᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠤ ᠬᠠᠪᠰᠤᠷᠤᠯᠭ᠎ᠠ᠎ᠪᠠᠷ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠨᠢᠭᠡ ᠬᠡᠦᠬᠡᠳ᠎ᠤᠨ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠭᠤᠶᠤᠴᠢᠯᠠᠯ᠎ᠢ ᠭᠥᠯᠢᠶᠡᠨ ᠠᠪᠴᠤ᠂ ᠬᠥᠮᠥᠨ ᠪᠦᠷᠢ ᠰᠠᠷ᠎ᠠ᠎ᠳᠤ 1400 ᠲᠥᠭᠥᠷᠢᠭ ᠤᠯᠭᠤᠬᠤ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠦᠨᠳᠦᠰᠦᠨ ᠠᠮᠢᠳᠤᠷᠠᠯ᠎ᠤᠨ ᠨᠥᠬᠥᠪᠦᠷᠢ ᠵᠢ ᠭᠥᠷᠳᠡᠪᠡ᠃ 
     ᠭᠤᠷᠪᠠ᠎ᠳᠤ᠂ 《ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠵᠤ ᠰᠡᠳᠬᠢᠯ ᠵᠶ᠋ᠡᠨ ᠨᠢᠭᠡᠳᠬᠡᠨ ᠢᠷᠡᠭᠡᠳᠦᠢ᠎ᠪᠠᠨ ᠬᠠᠮᠠᠭ᠋ᠠᠯᠠᠬᠤ》 《6 · 1》᠎ᠤ ᠲᠣᠬᠣᠨᠢᠭᠤᠯᠬᠤ ᠠᠵᠢᠯᠯᠠᠭ᠎ᠠ ᠵᠢ ᠥᠷᠨᠢᠭᠦᠯᠪᠡ᠃ ᠬᠡᠦᠬᠡᠳ᠎ᠤᠳ᠎ᠤᠨ ᠪᠠᠶᠠᠷ᠎ᠤᠨ ᠡᠳᠦᠷ ᠵᠶ᠋ᠡᠨ ᠬᠠᠯᠠᠭᠤᠨ ᠳᠤᠯᠠᠭ᠋ᠠᠨ ᠤᠳᠬ᠎ᠠ ᠠᠭᠤᠯᠭ᠎ᠠ᠎ᠲᠠᠢ ᠥᠩᠭᠡᠷᠡᠭᠦᠯᠬᠦ ᠵᠢ ᠪᠠᠳᠤᠯᠠᠬᠤ ᠵᠢᠨ ᠲᠥᠯᠥᠭᠡ᠂ ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠤᠯᠠᠭ᠋ᠠᠨᠴᠠᠪ ᠬᠤᠲᠠ ᠵᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠲᠥᠪ᠂ ᠤᠯᠠᠭ᠋ᠠᠨᠴᠠᠪ ᠬᠤᠲᠠ ᠵᠢᠨ ᠲᠦᠬᠡᠮᠡᠯ ᠬᠠᠢ᠌ᠷ᠎ᠠ ᠵᠢᠨ ᠰᠠᠢ᠌ᠨ ᠲᠤᠷᠠᠴᠤᠤᠯ᠎ᠤᠨ ᠨᠡᠢ᠌ᠭᠡᠮᠯᠢᠭ᠎ᠤᠨ᠎ᠬᠢᠨ ᠮᠸᠢ ᠬᠦᠢ ᠢᠡᠭ ᠭᠣᠣᠯ ᠪᠠᠭ᠎ᠠ ᠰᠤᠷᠭ᠋ᠠᠭᠤᠯᠢ ᠵᠢᠨ 107 ᠬᠡᠦᠬᠡᠳ᠎ᠲᠤ ᠪᠢᠴᠢᠭ᠎ᠤᠨ ᠪᠣᠭᠴᠣ ᠲᠦᠭᠡᠭᠡᠪᠡ᠃ ᠬᠣᠲᠠ ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠥᠪ᠎ᠤᠨ᠎ᠬᠢᠨ 11 ᠬᠣᠰᠢᠭᠤ ᠰᠢᠶᠠᠨ ᠬᠣᠲᠠ ᠲᠣᠭᠣᠷᠢᠭ᠎ᠤᠨ ᠬᠦᠴᠢᠷᠳᠡᠯ᠎ᠳᠤ ᠲᠤᠯᠭ᠋ᠠᠷᠠᠭᠰᠠᠨ ᠭᠡᠷ ᠪᠦᠯᠢ ᠵᠢᠨ ᠬᠡᠦᠬᠡᠳ᠎ᠲᠤ ᠠᠮᠤ᠂ ᠭᠤᠯᠢᠷ᠂ ᠲᠣᠰᠣ ᠵᠡᠷᠭᠡ ᠲᠣᠬᠣᠨᠢᠭᠤᠯᠬᠤ ᠪᠣᠳᠠᠰ ᠬᠦᠷᠬᠡᠪᠡ᠃ ᠰᠢᠩ ᠾᠸ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠴᠧᠩ ᠭᠤᠸᠠᠨ ᠪᠠᠯᠭ᠋ᠠᠰᠤ ᠵᠢᠨ ᠮᠠ ᠴᠢᠶᠣᠤ ᠨᠡᠢ᠌ᠭᠡᠮ ᠲᠣᠭᠣᠷᠢᠭ ᠪᠣᠯᠣᠨ ᠴᠧᠩ ᠭᠤᠸᠠᠨ ᠪᠠᠯᠭ᠋ᠠᠰᠤ ᠵᠢᠨ ᠨᠡᠢ᠌ᠭᠡᠮ᠎ᠤᠨ ᠠᠵᠢᠯ᠎ᠤᠨ ᠦᠷᠳᠡᠬᠡ  ᠵᠢᠨ᠎ᠬᠢᠨ᠎ᠲᠠᠢ ᠬᠠᠮᠳᠤ᠎ᠪᠠᠷ ᠰᠢᠩ ᠾᠸ ᠰᠢᠶᠠᠨ᠎ᠤ ᠲᠤᠷᠰᠢᠯᠲᠠ ᠵᠢᠨ ᠪᠠᠭ᠎ᠠ ᠰᠤᠷᠭ᠋ᠠᠭᠤᠯᠢ᠎ᠳᠤ ᠬᠦᠷᠴᠦ 37 ᠬᠦᠴᠢᠷᠳᠡᠯᠲᠡᠢ ᠬᠡᠦᠬᠡᠳ᠎ᠲᠤ 3.2 ᠲᠦᠮᠡᠨ ᠲᠥᠭᠥᠷᠢᠭ᠎ᠤᠨ ᠲᠣᠬᠣᠨᠢᠭᠤᠯᠬᠤ ᠮᠥᠩᠭᠥ ᠲᠠᠷᠬᠠᠭ᠋ᠠᠵᠤ᠂ ᠬᠡᠦᠬᠡᠳ᠎ᠤᠨ ᠨᠡᠢ᠌ᠭᠡᠮ ᠲᠠᠶᠠᠭ᠋ᠠᠷ᠎ᠤᠨ᠎ᠬᠢᠨ᠎ᠤ ᠬᠠᠢ᠌ᠷ᠎ᠠ ᠬᠠᠯᠠᠮᠵᠢ ᠳᠤᠮᠳᠠ ᠡᠷᠡᠭᠦᠯ ᠴᠢᠭᠢᠷᠠᠭ ᠪᠠᠶᠠᠷ ᠬᠦᠷ᠎ᠲᠠᠢ᠎ᠪᠠᠷ ᠦᠰᠦᠨ ᠪᠣᠢ᠌ᠵᠢᠬᠤ ᠵᠢ ᠬᠦᠰᠡᠭᠰᠡᠨ ᠪᠠᠢ᠌ᠨ᠎ᠠ᠃

 



ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠲᠠᠪᠤᠳᠤᠭ᠋ᠠᠷ ᠬᠤᠷᠠᠯ ᠬᠠᠮᠲᠤᠷᠠᠭᠰᠠᠨ ᠲᠤᠭᠤᠢ᠌ᠯᠠᠡᠭ᠎ᠤᠨ ᠬᠤᠷᠠᠯ ᠬᠤᠷᠠᠯᠳᠤᠭᠤᠯᠪᠠ
ᠰᠦᠨ ᠱᠤᠤ ᠴᠧᠩ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠢᠦᠢ ᠯᠸ ᠵᠢᠶᠠᠩ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠠᠵᠢᠯᠲᠠᠨ ᠠᠵᠢᠯᠴᠢᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠰᠦᠢ᠍ᠳᠬᠡᠯ ᠲᠤᠰᠢᠶᠠᠬᠤ ᠰᠠᠭᠤᠷᠢ ᠲᠤᠭ᠎ᠠ ᠵᠢ ᠲᠤᠬᠳᠠᠭ᠋ᠠᠬᠤ ᠠᠵᠢᠯ᠎ᠢ ᠲᠠᠭᠤᠰᠬᠠᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠠᠵᠢᠯ᠎ᠢ ᠲᠠᠭᠤᠰᠬᠠᠪᠠ
ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ᠎ᠬᠢᠨ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠬᠢᠴᠢᠶᠡᠯ ᠵᠢᠭ᠋ᠠᠬᠤ ᠠᠵᠢᠯᠯᠠᠭ᠎ᠠ ᠥᠷᠨᠢᠭᠦᠯᠪᠡ
 
            