ᠥᠪᠥᠷ ᠮᠣᠩᠭᠣᠯ᠎ᠳᠤ᠎ᠬᠢ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠡᠭᠦᠷ᠎ᠤᠨ᠎ᠬᠢᠨ 6 ᠰᠠᠷ᠎ᠠ ᠵᠢᠨ 16 ᠤ ᠡᠳᠦᠷ ᠭᠡᠰᠢᠭᠦᠨ ᠠᠵᠤ ᠠᠬᠤᠢ᠌ᠯᠠᠯ᠎ᠤᠨ 20 ᠭᠠᠷᠤᠢ ᠨᠠᠮ᠎ᠤᠨ ᠭᠡᠰᠢᠭᠦᠨ ᠪᠣᠯᠣᠨ ᠠᠵᠢᠯᠲᠠᠨ ᠠᠵᠢᠯᠴᠢᠨ᠎ᠢ ᠵᠣᠬᠢᠶᠠᠨ ᠪᠠᠢ᠌ᠭᠤᠯᠵᠤ᠂ ᠬᠥᠬᠡᠬᠣᠲᠠ ᠵᠢᠨ ᠴᠢᠩ ᠱᠦᠢ ᠾᠸ ᠰᠢᠶᠠᠨ᠎ᠤ ᠬᠣᠩ ᠾᠸ ᠪᠠᠯᠭ᠋ᠠᠰᠤᠨ᠎ᠤ ᠪᠠᠭ᠎ᠠ ᠰᠤᠷᠭ᠋ᠠᠭᠤᠯᠢ ᠪᠣᠯᠣᠨ ᠯᠣᠣ ᠨᠢᠦ ᠫᠦᠸᠸ ᠵᠢᠨ ᠬᠤᠪᠢᠰᠬᠠᠯ᠎ᠤᠨ ᠬᠥᠮᠦᠵᠢᠯ᠎ᠤᠨ ᠰᠠᠭᠤᠷᠢᠨ᠎ᠳᠤ ᠬᠦᠷᠴᠦ᠂ ᠬᠤᠪᠢᠰᠬᠠᠯ᠎ᠤᠨ ᠬᠥᠮᠦᠵᠢᠯ᠎ᠢ ᠬᠦᠷᠲᠡᠵᠦ᠂ ᠬᠥᠳᠡᠭᠡ ᠲᠣᠰᠬᠣᠨ᠎ᠤ ᠪᠡᠯᠡ ᠮᠥᠩᠭᠥ᠎ᠪᠠᠷ ᠰᠤᠷᠤᠯᠭ᠎ᠠ ᠵᠢ ᠲᠡᠳᠬᠦᠬᠦ ᠠᠵᠢᠯᠯᠠᠭ᠎ᠠ ᠵᠢ ᠥᠷᠨᠢᠭᠦᠯᠵᠦ᠂ ᠪᠠᠶᠠᠯᠢᠭ ᠠᠭᠤᠯᠭ᠎ᠠ᠎ᠲᠠᠢ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠦᠭᠰᠡᠨ ᠪᠠᠢ᠌ᠨ᠎ᠠ᠃
ᠴᠢᠩ ᠱᠦᠢ ᠾᠧ ᠰᠢᠶᠠᠨ᠎ᠤ ᠬᠣᠩ ᠾᠧ ᠪᠠᠯᠭ᠋ᠠᠰᠤᠨ᠎ᠤ ᠪᠠᠭ᠎ᠠ ᠰᠤᠷᠭ᠋ᠠᠭᠤᠯᠢ᠎ᠨᠢ ᠲᠤᠰ ᠰᠢᠶᠠᠨ᠎ᠤ ᠴᠣᠷ᠎ᠤᠨ ᠭᠠᠭᠴᠠ ᠲᠣᠰᠬᠣᠨ ᠪᠠᠯᠭ᠋ᠠᠰᠤᠨ᠎ᠤ ᠳᠡᠰ᠎ᠤᠨ ᠰᠤᠷᠭ᠋ᠠᠭᠤᠯᠢ ᠪᠤᠯᠬᠤ ᠪᠦᠬᠡᠳ ᠰᠤᠷᠭ᠋ᠠᠭᠤᠯᠢ ᠵᠢᠨ ᠵᠠᠷᠤᠳᠠᠯ ᠬᠦᠷᠦᠯᠴᠡᠬᠦ ᠦᠭᠡᠢ᠂ ᠰᠤᠷᠤᠭᠴᠢᠳ᠎ᠤᠨ ᠣᠯᠠᠩᠬᠢ᠎ᠨᠢ ᠥᠨᠥᠴᠢᠨ ᠪᠡᠯᠪᠡᠰᠦᠨ ᠠᠢ᠌ᠯ᠎ᠤᠨ ᠬᠡᠦᠬᠡᠳ ᠪᠤᠶᠤ ᠬᠦᠯᠤᠰᠤᠨ ᠠᠵᠢᠯ ᠵᠶ᠋ᠡᠷ ᠭᠠᠳᠠᠬᠰᠢ ᠭᠠᠷᠤᠬᠰᠠᠳ᠎ᠤᠨ ᠬᠡᠦᠬᠡᠳ ᠪᠤᠯᠬᠤ ᠵᠢ ᠮᠡᠳᠡᠭᠰᠡᠨ᠎ᠤ ᠲᠠᠷᠠᠭ᠎ᠠ ᠵᠸᠵᠢᠶᠠᠡᠭᠤᠨ ᠬᠤᠳᠠᠯᠳᠤᠭ᠋ᠠᠴᠢᠨ᠎ᠤ ᠡᠪᠯᠡᠯ᠎ᠤᠨ ᠨᠠᠮ᠎ᠤᠨ ᠡᠬᠦᠷ᠎ᠤᠨ ᠱᠦᠵᠢ ᠫᠠᠨ ᠫᠸᠢ ᠰᠢᠡᠭ ᠭᠣᠣᠯ ᠰᠡᠳᠦᠪᠲᠦ ᠬᠥᠮᠦᠵᠢᠯ᠎ᠤᠨ ᠰᠤᠷᠤᠯᠴᠠᠯᠭ᠎ᠠ ᠵᠢᠨ ᠲᠣᠬᠢᠶᠠᠯ᠎ᠢ ᠠᠰᠢᠭᠯᠠᠨ ᠬᠣᠩ ᠾᠧ ᠪᠠᠯᠭ᠋ᠠᠰᠤᠨ᠎ᠤ ᠪᠠᠭ᠎ᠠ ᠰᠤᠷᠭ᠋ᠠᠭᠤᠯᠢ᠎ᠳᠤ ᠪᠡᠯᠡ ᠮᠥᠩᠭᠥ ᠬᠠᠨᠳᠢᠪᠯᠡᠵᠤ ᠰᠤᠷᠤᠯᠭ᠎ᠠ ᠵᠢ ᠲᠡᠳᠬᠦᠬᠦ ᠵᠢ ᠰᠠᠨᠠᠭ᠋ᠠᠴᠢᠯᠠᠬᠰᠠᠨᠳᠤ ᠨᠢᠬᠡᠯᠬᠡᠨ ᠴᠠᠭ᠎ᠤᠨ ᠲᠤᠳᠤᠷ᠎ᠠ 3 ᠲᠦᠮᠡᠨ ᠲᠥᠭᠥᠷᠢᠭ ᠬᠠᠨᠳᠢᠪᠯᠠᠵᠤ᠂ ᠡᠨᠡ ᠬᠦ᠌ ᠵᠤᠭᠤᠰ ᠵᠶ᠋ᠡᠷ ᠬᠡᠦᠬᠡᠳ᠎ᠤᠨ ᠪᠢᠴᠢᠭ᠎ᠤᠨ ᠪᠣᠭᠴᠣ᠂ ᠬᠥᠨᠵᠢᠯᠡ᠂ ᠣᠷᠣ ᠵᠢᠨ ᠪᠦᠲᠡᠭᠡᠯᠭᠡ᠂ ᠨᠣᠮ ᠲᠡᠪᠳᠡᠷ ᠪᠤᠯᠤᠨ ᠲᠤᠲᠤᠷᠭ᠎ᠠ ᠵᠡᠷᠭᠡ ᠬᠡᠷᠡᠭᠰᠡᠯ᠎ᠢ ᠬᠤᠳᠠᠯᠳᠤᠨ ᠠᠪᠴᠢᠷᠠᠵᠤ ᠦᠭᠪᠡ᠃

ᠠᠵᠢᠯᠯᠠᠭ᠎ᠠ ᠵᠢᠨ ᠲᠠᠯᠠᠪᠤᠷ᠎ᠲᠤ ᠰᠤᠷᠤᠭᠴᠢᠳ᠎ᠤᠨ ᠲᠥᠯᠥᠭᠡᠯᠡᠭᠴᠢ ᠶᠠᠷᠢᠶ᠎ᠠ ᠲᠠᠯᠪᠢᠵᠤ᠂ ᠰᠤᠷᠭ᠋ᠠᠭᠤᠯᠢ ᠵᠢᠨ ᠤᠳᠤᠷᠢᠳᠤᠯᠭ᠎ᠠ ᠪᠠᠶᠠᠷ᠎ᠤᠨ ᠦᠭᠡ ᠬᠡᠯᠡᠵᠦ᠂ ᠬᠠᠨᠳᠢᠪᠯᠠᠬᠰᠠᠳ ᠶᠣᠰᠣᠯᠠᠯ ᠳᠤ ᠤᠷᠤᠯᠴᠠᠵᠠᠭ᠋ᠠᠪᠠ᠃ ᠬᠣᠩ ᠾᠧ ᠪᠠᠯᠭ᠋ᠠᠰᠤᠨ᠎ᠤ ᠰᠤᠷᠭ᠋ᠠᠭᠤᠯᠢ᠎ᠳᠤ ᠰᠠᠭᠤᠭ᠎ᠠ ᠺᠠᠳ᠋ᠷ᠂ ᠰᠤᠷᠭ᠋ᠠᠭᠤᠯᠢ ᠵᠢᠨ ᠤᠳᠤᠷᠢᠳᠤᠯᠭ᠎ᠠ᠂ ᠪᠠᠭᠰᠢ ᠵᠢᠨ ᠲᠥᠯᠥᠭᠡᠯᠡᠭᠴᠢ ᠤᠯᠠᠨ᠎ᠢ ᠳᠠᠭ᠋ᠠᠭᠤᠯᠤᠨ ᠰᠤᠷᠤᠭᠴᠢᠳ᠎ᠤᠨ ᠬᠢᠴᠢᠶᠡᠯ᠎ᠤᠨ ᠭᠡᠷ᠂ ᠬᠣᠭᠣᠯᠠᠨ ᠭᠡᠷ᠎ᠢ ᠲᠤᠭᠤᠷᠢᠨ ᠦᠵᠡᠬᠦᠯᠦᠭᠰᠡᠨ ᠲᠠᠷᠠᠭ᠎ᠠ ᠥᠪᠥᠷ ᠮᠣᠩᠭᠣᠯ᠎ᠳᠤ᠎ᠬᠢ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠡᠭᠦᠷᠲᠠᠢᠤᠨᠬᠢᠨ ᠬᠡᠦᠬᠡᠳ᠎ᠤᠨ ᠰᠤᠷᠤᠯᠴᠠᠯᠭ᠎ᠠ ᠪᠠ ᠠᠮᠢᠳᠤᠷᠠᠯ᠎ᠢ ᠬᠠᠯᠠᠮᠵᠢᠯᠠᠵᠤ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠦᠢ᠍ᠯᠡᠰ᠎ᠲᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠬᠡᠪᠡ᠃
ᠳᠠᠷᠠᠭ᠎ᠠ᠎ᠨᠢ᠂ ᠤᠯᠠᠨ ᠵᠶ᠋ᠠᠷ ᠵᠶ᠋ᠠᠨ ᠯᠣᠣ ᠨᠢᠦ ᠫᠦᠸᠸ ᠵᠢᠨ ᠬᠤᠪᠢᠰᠬᠠᠯ᠎ᠤᠨ ᠬᠥᠮᠦᠵᠢᠯ᠎ᠤᠨ ᠰᠠᠭᠤᠷᠢᠨ᠎ᠳᠤ ᠬᠦᠷᠴᠦ᠂ ᠯᠣᠣ ᠨᠢᠦ ᠫᠦᠸᠸ ᠵᠢᠨ ᠨᠠᠮ᠎ᠤᠨ ᠡᠭᠦᠷ᠎ᠤᠨ ᠦᠵᠡᠭᠦᠯᠦᠯᠭᠡ ᠵᠢᠨ ᠣᠷᠳᠣᠨ᠂ ᠯᠣᠣ ᠨᠢᠦ ᠫᠦᠸᠸ ᠵᠢᠨ ᠨᠠᠮ᠎ᠤᠨ ᠡᠭᠦᠷ᠎ᠤᠨ ᠬᠠᠭᠤᠴᠢᠨ ᠪᠠᠭᠤᠷᠢ᠂ ᠬᠤᠪᠢᠰᠬᠠᠯ᠎ᠤᠨ ᠰᠣᠶᠣᠯ᠎ᠤᠨ ᠠᠭᠤᠳᠠᠮ ᠲᠠᠯᠠᠪᠠᠢ᠂ ᠨᠠᠮ᠎ᠤᠨ ᠲᠤᠭ᠎ᠤᠨ ᠠᠭᠤᠳᠠᠮ ᠲᠠᠯᠠᠪᠠᠢ ᠵᠢ ᠲᠣᠭᠣᠷᠢᠨ ᠦᠵᠡᠵᠦ᠂ ᠲᠠᠢ᠌ᠯᠪᠤᠷᠢᠯᠠᠭᠴᠢ ᠵᠢᠨ ᠠᠬᠠᠮᠠᠳ ᠬᠤᠪᠢᠰᠬᠠᠯᠴᠢᠳ᠎ᠤᠨ ᠡᠷᠡᠯᠬᠡᠭ ᠪᠠᠭ᠋ᠠᠲᠤᠷᠯᠢᠭ ᠵᠶ᠋ᠠᠷ ᠶᠠᠫᠤᠨ ᠳᠡᠭᠡᠷᠡᠮᠴᠢᠳᠢ ᠡᠰᠡᠷᠭᠦᠴᠡᠭᠰᠡᠨ ᠪᠠᠭ᠋ᠠᠲᠤᠷᠯᠢᠭ ᠦᠯᠢᠭᠡᠷ ᠪᠣᠯᠣᠨ ᠬᠣᠯᠪᠣᠭᠳᠠᠯ ᠪᠦᠬᠦᠢ ᠪᠠᠭ᠋ᠠᠲᠤᠷᠯᠢᠭ ᠦᠢ᠍ᠯᠡ ᠠᠵᠢᠯᠯᠠᠭ᠎ᠠ ᠵᠢᠨ ᠲᠤᠬᠠᠢ ᠲᠠᠨᠢᠯᠴᠠᠭᠤᠯᠭ᠎ᠠ ᠵᠢ ᠰᠣᠨᠣᠰᠴᠤ᠂ ᠡᠭᠦᠷᠭᠡᠲᠦ ᠰᠡᠳᠬᠢᠯᠭᠡ᠂ ᠬᠠᠷᠢᠭᠤᠴᠠᠯᠭ᠋ᠠᠲᠤ ᠰᠡᠳᠬᠢᠯᠭᠡ᠎ᠪᠠᠨ ᠤᠯᠠᠮ ᠴᠢᠩᠭ᠋ᠠᠳᠬᠠᠵᠠᠢ᠃
ᠨᠠᠮ᠎ᠤᠨ ᠭᠡᠰᠢᠭᠦᠳ ᠭᠠᠯ ᠤᠯᠠᠭ᠋ᠠᠨ ᠨᠠᠮ᠎ᠤᠨ ᠲᠤᠭ᠎ᠤᠨ ᠡᠮᠦᠨ᠎ᠡ ᠨᠠᠮ᠎ᠳᠤ ᠣᠷᠣᠬᠤ ᠲᠠᠩᠭ᠋ᠠᠷᠢᠭᠢ ᠲᠠᠬᠢᠨᠳᠠ ᠤᠡᠭᠰᠢᠪᠠ᠃ ᠠᠵᠢᠯᠯᠠᠭ᠎ᠠ᠎ᠳᠤ ᠤᠷᠤᠯᠴᠠᠬᠰᠠᠳ᠂ ᠡᠨᠡ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠠᠬᠢᠭᠤᠯᠵᠤ ᠦᠷᠭᠦᠯᠵᠢᠯᠡᠨ ᠭᠦᠨᠵᠡᠭᠡᠢ ᠪᠥᠭᠡᠳ ᠪᠣᠳᠠᠲᠠᠢ᠎ᠪᠠᠷ ᠥᠷᠨᠢᠭᠦᠯᠵᠦ᠂ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠬᠡᠦᠬᠡᠳ᠎ᠤᠨ ᠰᠤᠷᠤᠯᠭ᠎ᠠ ᠠᠮᠢᠳᠤᠷᠠᠯ ᠪᠣᠯᠣᠨ ᠡᠷᠡᠭᠦᠯ ᠮᠡᠨᠳᠦ ᠵᠢᠨ ᠪᠠᠢ᠌ᠳᠠᠯ᠎ᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠬᠠᠯᠠᠮᠵᠢᠯᠠᠨ᠂ ᠬᠤᠪᠢᠰᠬᠠᠯ᠎ᠤᠨ ᠤᠳᠤᠮᠰᠢᠯ᠎ᠢ ᠲᠠᠰᠤᠷᠠᠯᠲᠠ ᠦᠭᠡᠢ ᠦᠷᠭᠦᠯᠵᠢᠯᠡᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ 《ᠬᠣᠶᠠᠷ ᠲᠤᠮᠤ ᠶᠠᠪᠤᠳᠠᠯ》᠎ᠢ ᠪᠡᠶᠡᠯᠡᠭᠦᠯᠬᠦ᠎ᠳᠤ ᠵᠧᠵᠢᠶᠠᠩ᠎ᠤᠨ ᠬᠤᠳᠠᠯᠳᠤᠭ᠋ᠠᠴᠢᠳ᠎ᠤᠨ ᠬᠦᠴᠦᠨ ᠴᠢᠳᠠᠯ ᠵᠶ᠋ᠠᠨ ᠡᠷᠬᠦᠵᠡᠬᠡᠨᠡ ᠭᠡᠵᠡᠬᠡᠪᠡ᠃