ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠦᠷᠪᠡᠳᠤᠬᠡᠷ ᠤᠳᠠᠭ᠋ᠠᠨ᠎ᠤ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2023-06-30

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠦᠷᠪᠡᠳᠤᠬᠡᠷ ᠤᠳᠠᠭ᠋ᠠᠨ᠎ᠤ ᠪᠦᠬᠦᠳᠡ ᠬᠤᠷᠠᠯ 6 ᠳ᠋ᠤᠭ᠋ᠠᠷ ᠰᠠᠷ᠎ᠠ ᠵᠢᠨ 29᠎ᠤ ᠡᠳᠦᠷ  ᠬᠤᠷᠠᠯᠳᠤᠪᠠ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ ᠣᠲᠣ 73 ᠪᠦᠷᠢᠯᠳᠦᠭᠦᠨ᠎ᠲᠠᠢ᠂ ᠲᠣᠰ ᠬᠤᠷᠠᠯ᠎ᠳᠤ  62 ᠬᠥᠮᠥᠨ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠨ᠎ᠡ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ  ᠪᠠᠢ᠌ᠩᠭᠤ ᠵᠢᠨ ᠬᠣᠷᠢᠶ᠎ᠠ ᠵᠢᠨ ᠪᠠᠢ᠌ᠩᠭᠤ ᠵᠢᠨ ᠳᠡᠳ᠋ ᠡᠷᠬᠢᠯᠡᠭᠴᠢ ᠯᠢᠨ ᠱᠣᠸ᠋ ᠴᠦᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠬᠢᠯᠡᠭᠴᠢ ᠰᠦᠨ ᠱᠣᠸ᠋ ᠴᠧᠩ᠎ᠤᠨ ᠨᠠᠶ᠋ᠢᠳᠠᠯᠭ᠎ᠠ᠎ᠪᠠᠷ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠵᠠᠩ ᠱᠣᠸ᠋ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠤᠨ ᠳᠠᠷᠤᠭ᠎ᠠ ᠱ᠌ᠢ ᠸᠸᠨ ᠰᠢᠤᠸᠠᠢ  ᠪᠤᠯᠤᠨ ᠭᠡᠰᠢᠭᠦᠳ ᠬᠤᠷᠠᠯ᠎ᠳᠤ ᠣᠷᠣᠯᠴᠠᠵᠠᠢ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶᠠᠨ᠎ᠤ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶᠠᠨ᠎ᠤ ᠪᠠᠢ᠌ᠴᠠᠭ᠋ᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠪᠠ᠃
     ᠬᠤᠷᠠᠯ᠎ᠤᠨ ᠵᠥᠪᠯᠡᠬᠦ ᠵᠦᠢ᠍ᠯ᠎ᠢ ᠪᠠᠲᠤᠯᠠᠭᠰᠠᠨ᠎ᠤ ᠳᠠᠷᠠᠭ᠎ᠠ᠂ ᠬᠤᠷᠠᠯ ᠲᠡᠬᠡᠷ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠵᠧᠩ ᠵᠢᠨ ᠴᠦᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ (ᠲᠥᠰᠥᠯ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠵᠠᠩ ᠽᠦᠸᠧ ᠾᠧᠦ ᠵᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ (ᠲᠥᠰᠥᠯ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠯᠡ ᠵᠢᠶᠦ᠋ᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠦᠲᠦᠭᠡᠨ ᠪᠠᠶ᠋ᠢᠭᠤᠯᠬᠤ ᠠᠵᠢᠯ᠎ᠢ ᠠᠬᠢᠭᠤᠯᠬᠤ ᠳᠦᠷᠢᠮ (ᠲᠥᠰᠥᠯ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠦᠨᠳᠦᠰᠦᠲᠡᠨ᠂ ᠬᠠᠷᠢᠶᠠᠲᠤ᠂ ᠭᠠᠳᠠᠭ᠋ᠠᠳᠤ ᠶᠠᠪᠤᠳᠠᠯ᠎ᠤᠨ ᠠᠵᠢᠯ᠎ᠤᠨ ᠵᠥᠪᠯᠡᠯ᠎ᠤᠨ ᠡᠷᠬᠢᠯᠡᠭᠴᠢ ᠸᠠᠩ ᠰᠢᠸ᠋ ᠮᠢᠩ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ (ᠲᠥᠰᠥᠯ)》᠎ᠤᠨ ᠲᠤᠬᠠᠢ ᠲᠣᠳᠣᠷᠬᠠᠢ᠌ᠯᠠᠯᠲᠠ ᠵᠢ ᠰᠤᠨᠤᠰᠪᠠ᠃
     ᠬᠤᠷᠠᠯ᠎ᠠᠴᠠ ᠴᠢᠬᠤᠯᠠᠴᠢᠯᠠᠬᠰᠠᠨ᠎ᠨᠢ᠂ 《ᠬᠣᠶᠠᠷ ᠲᠤᠮᠤ ᠶᠠᠪᠤᠳᠠᠯ》᠎ᠤᠨ ᠲᠤᠬᠠᠢ ᠬᠠᠤᠯᠢ ᠲᠣᠭᠲᠠᠭ᠋ᠠᠯᠲᠠ ᠨᠢᠭᠡᠨᠲᠡ ᠰᠢᠢ᠍ᠳᠪᠦᠷᠢᠲᠦ ᠳᠠᠢ᠌ᠯᠠᠯᠳᠤᠭ᠋ᠠᠨ᠎ᠤ ᠰᠢᠢ᠍ᠳᠪᠦᠷᠢᠲᠦ ᠢᠯᠠᠯᠲᠠ ᠵᠢ ᠣᠯᠬᠤ ᠵᠠᠩᠭᠢᠯᠠᠭ᠎ᠠ ᠵᠢᠨ ᠱᠠᠲᠤᠨ᠎ᠳᠤ ᠣᠷᠣᠵᠠᠢ᠂ ᠤᠯᠠᠨ ᠵᠶ᠋ᠠᠷ ᠵᠶ᠋ᠠᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠠᠷᠢᠭᠤᠴᠠᠯᠭ᠋ᠠᠲᠤ ᠰᠡᠳᠬᠢᠯᠭᠡ᠎ᠪᠠᠷ ᠬᠠᠤᠯᠢ ᠲᠣᠭᠲᠠᠭ᠋ᠠᠯ᠎ᠢ ᠰᠠᠢ᠌ᠲᠤᠷ ᠵᠠᠰᠠᠵᠤ᠂ ᠰᠠᠢ᠌ᠲᠤᠷ ᠲᠡᠭᠦᠯᠳᠡᠷᠵᠢᠭᠦᠯᠬᠦ ᠬᠡᠷᠡᠭᠲᠡᠢ᠃ ᠢᠯᠠᠩᠭᠤᠶ᠎ᠠ ᠬᠠᠤᠯᠢ ᠲᠣᠭᠲᠠᠭ᠋ᠠᠬᠤ ᠶᠠᠪᠤᠴᠠ᠎ᠳᠤ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠬᠠᠷᠭᠤᠭᠤᠯᠤᠨ ᠢᠯᠡᠳᠬᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠡᠵᠡᠮᠳᠡᠵᠦ᠂ ᠨᠠᠮ᠎ᠤᠨ ᠵᠣᠷᠢᠯᠲᠠ ᠵᠢ ᠬᠠᠤᠯᠢ᠎ᠪᠠᠷ ᠲᠣᠭᠲᠠᠭ᠋ᠠᠭᠰᠠᠨ ᠲᠡᠰ ᠳᠠᠷᠠᠭ᠋ᠠᠯᠠᠯ ᠵᠶ᠋ᠠᠷ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠵᠣᠷᠢᠭ ᠰᠠᠨᠠᠭ᠎ᠠ ᠪᠠ ᠨᠢᠭᠡ ᠴᠣᠭᠴᠠᠵᠢᠭᠤᠯᠤᠨ ᠵᠢᠷᠤᠮᠯᠠᠬᠤ ᠠᠵᠢᠯᠯᠠᠭ᠋ᠠᠨ᠎ᠤ ᠵᠢᠷᠤᠮᠵᠢᠯ ᠪᠣᠯᠭ᠋ᠠᠬᠤ ᠵᠢ ᠪᠠᠲᠤᠯᠠᠬᠤ ᠬᠡᠷᠡᠭᠲᠡᠢ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠡᠯ᠎ᠡ ᠲᠤᠰᠬᠠᠢ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠎ᠤᠨ ᠬᠠᠷᠢᠭᠤᠴᠠᠯᠭ᠋ᠠᠲᠠᠨ ᠬᠤᠷᠠᠯ᠎ᠳᠤ ᠰᠤᠯᠠ ᠣᠷᠣᠯᠴᠠᠪᠠ᠃


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠳᠤ᠎ᠬᠢ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠡᠭᠦᠷ᠎ᠤᠨ᠎ᠬᠢᠨ 《7 · 1᠎ᠢ ᠤᠭᠲᠤᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠦᠩᠯᠢᠶᠣᠣ ᠬᠣᠲᠠ᠎ᠳᠤ 《ᠵᠡᠮᠳᠡᠭᠴᠦᠳ᠎ᠤᠨ ᠬᠣᠶᠠᠷ ᠨᠥᠬᠥᠪᠦᠷᠢ》 ᠵᠢᠨ ᠨᠠᠷᠢᠯᠢᠭ ᠣᠨᠣᠴᠠᠲᠠᠢ ᠬᠠᠮᠢᠶᠠᠷᠤᠯᠲᠠ ᠵᠢ 《ᠡᠷᠬᠢᠨ ᠬᠠᠷᠠᠬᠤ》 ᠪᠠᠢ᠌ᠴᠠᠭ᠋ᠠᠯᠲᠠ ᠥᠷᠨᠢᠭᠦᠯᠪᠡ
ᠲᠢᠩᠬᠢᠮ᠎ᠤᠨ ᠳᠡᠳ᠋ ᠳᠠᠷᠤᠭ᠎ᠠ ᠯᠢᠦ ᠴᠧᠩ ᠮᠢᠨ ᠬᠥᠬᠡᠬᠣᠲᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠠᠢ᠌ᠮᠠᠭ ᠬᠣᠲᠠ᠎ᠳᠤ ᠲᠤᠰᠠᠯᠠᠬᠤ ᠪᠠᠭ᠋ᠠᠵᠢ ᠲᠣᠬᠢᠷᠠᠭᠤᠯᠬᠤ ᠠᠵᠢᠯ ᠥᠷᠨᠢᠭᠦᠯᠪᠡ
ᠮᠠᠨ᠎ᠤ ᠤᠷᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠢ ᠣᠯᠠᠨ ᠠᠷᠭ᠎ᠠ᠎ᠪᠠᠷ ᠵᠢᠯᠤᠭᠣᠳᠴᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠭᠤᠯᠳᠠ᠎ᠳᠤ ᠬᠦᠴᠤᠨ ᠨᠡᠮᠡᠷᠢᠯᠡᠵᠤ ᠪᠠᠢ᠌ᠨ᠎ᠠ
 
            