ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠪᠥᠬᠥ ᠣᠷᠣᠨ᠎ᠤ ᠳᠡᠭᠡᠳᠦ ᠲᠠᠰ᠎ᠤᠨ ᠨᠡᠢ᠌ᠭᠡᠮ᠎ᠤᠨ ᠠᠵᠢᠯᠲᠠᠨ᠎ᠤ ᠰᠢᠯᠭ᠋ᠠᠷᠠᠭᠤᠯᠬᠤ ᠮᠡᠳᠬᠡᠯᠴᠡᠬᠡᠨ ᠥᠷᠨᠢᠭᠦᠯᠪᠡ
ᠨᠡᠶᠢᠲᠡᠯᠡᠭᠰᠡᠨ ᠴᠠᠭ᠄ 2023-07-31

   《ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠲᠦᠪᠰᠢᠨ᠎ᠤ ᠦᠨᠡᠯᠡᠯᠲᠡ ᠵᠢᠨ ᠠᠯᠪᠠᠨ ᠭᠡᠷ᠎ᠤᠨ 2023 ᠣᠨ᠎ᠤ ᠳᠡᠭᠡᠳᠦ ᠵᠡᠷᠭᠡ ᠵᠢᠨ ᠨᠡᠢ᠌ᠭᠡᠮ᠎ᠤᠨ ᠠᠵᠢᠯᠲᠠᠨ᠎ᠤ ᠰᠢᠯᠭ᠋ᠠᠷᠠᠭᠤᠯᠤᠯᠲᠠ ᠵᠢᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 7 ᠳ᠋ᠤᠭ᠋ᠠᠷ ᠰᠠᠷ᠎ᠠ ᠵᠢᠨ 26᠎ᠤ ᠡᠳᠦᠷ ᠬᠥᠬᠡᠬᠣᠲᠠ᠎ᠳᠤ 2023 ᠣᠨ᠎ᠤ ᠪᠥᠬᠥ ᠣᠷᠣᠨ᠎ᠤ ᠳᠡᠭᠡᠳᠦ ᠲᠠᠰ᠎ᠤᠨ ᠨᠡᠢ᠌ᠭᠡᠮ᠎ᠤᠨ ᠠᠵᠢᠯᠲᠠᠨ᠎ᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠵᠦ᠂ ᠪᠥᠬᠥ ᠤᠯᠤᠰ᠎ᠤᠨ ᠳᠡᠭᠡᠳᠦ ᠲᠠᠰ᠎ᠤᠨ ᠨᠡᠢ᠌ᠭᠡᠮ᠎ᠤᠨ ᠠᠵᠢᠯᠲᠠᠨ᠎ᠢ ᠬᠢᠨᠠᠨ ᠲᠣᠭᠲᠠᠭ᠋ᠠᠬᠤ ᠺᠣᠮᠢᠰ᠎ᠲᠤ ᠨᠠᠢ᠌ᠳᠠᠨ ᠰᠦᠯᠵᠢᠶᠡᠨ ᠳᠡᠭᠡᠷ᠎ᠡ ᠬᠢᠨᠠᠨ ᠲᠣᠭᠲᠠᠭ᠋ᠠᠬᠤ ᠠᠷᠭ᠎ᠠ᠎ᠪᠠᠷ ᠰᠢᠯᠭ᠋ᠠᠷᠠᠭᠤᠯᠤᠯᠲᠠ᠎ᠳᠤ ᠣᠷᠣᠯᠴᠠᠭᠰᠠᠨ 14 ᠬᠥᠮᠥᠨ᠎ᠢ ᠬᠢᠨᠠᠨ ᠲᠣᠭᠲᠠᠭ᠋ᠠᠬᠤ ᠠᠵᠢᠯ᠎ᠢ ᠪᠡᠶᠡᠯᠡᠭᠦᠯᠪᠡ᠃

W020230727537328789583.png

 

   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠥᠩ ᠸᠧᠢ ᠴᠦᠨ ᠪᠤᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠲᠠᠰᠤᠭ᠎ᠤᠨ  ᠬᠠᠷᠢᠭᠤᠴᠠᠯᠭ᠋ᠠᠳᠠᠳ ᠲᠤᠬᠠᠢ ᠵᠢᠨ ᠲᠠᠯᠠᠪᠤᠷ᠎ᠲᠤ ᠬᠦᠷᠴᠦ ᠬᠢᠨᠠᠨ ᠵᠢᠯᠤᠭᠣᠳᠴᠤ᠂ ᠰᠢᠯᠭ᠋ᠠᠨ ᠦᠨᠡᠯᠡᠬᠦ ᠠᠵᠢᠯ᠎ᠤᠨ ᠵᠣᠬᠢᠶᠠᠨ ᠪᠠᠢ᠌ᠭᠤᠯᠤᠯᠲᠠ᠎ᠨᠢ ᠵᠢᠷᠤᠮᠵᠢᠭᠤᠨ ᠪᠦᠬᠡᠳ ᠲᠠᠰ ᠳᠠᠷᠠᠭ᠋ᠠᠯᠠᠯ᠎ᠲᠠᠢ᠎ᠪᠠᠷ ᠲᠡᠭᠦᠰ ᠠᠮᠵᠢᠯᠲᠠ᠎ᠲᠠᠢ ᠲᠡᠬᠦᠰᠪᠡ᠃

W020230727537328802187.png

 

   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠳᠡᠭᠡᠳᠦ ᠵᠡᠷᠭᠡ ᠵᠢᠨ ᠨᠡᠢ᠌ᠭᠡᠮ᠎ᠤᠨ ᠠᠵᠢᠯᠲᠠᠨ᠎ᠢ ᠬᠢᠨᠠᠨ ᠲᠣᠭᠲᠠᠭ᠋ᠠᠬᠤ ᠠᠵᠢᠯ᠎ᠢ ᠮᠠᠰᠢᠳᠠ ᠴᠢᠬᠤᠯᠠᠴᠢᠯᠠᠵᠤ᠂ ᠰᠢᠯᠭ᠋ᠠᠯᠲᠠ ᠵᠢᠨ ᠲᠠᠯᠠᠪᠤᠷ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠰᠢᠯᠭ᠋ᠠᠯᠲᠠ ᠵᠢᠨ ᠲᠣᠭᠣᠷᠢᠭ᠎ᠢ ᠪᠠᠢ᠌ᠷᠢᠯᠠᠭᠤᠯᠵᠤ᠂ ᠪᠥᠬᠥ ᠶᠠᠪᠤᠴᠠ ᠵᠢᠨ᠂ ᠪᠥᠬᠥ ᠲᠠᠯ᠎ᠠ ᠵᠢᠨ ᠬᠢᠨᠠᠨ ᠡᠵᠡᠮᠳᠡᠬᠦ ᠠᠷᠭ᠎ᠠ ᠵᠢ ᠴᠢᠩᠭ᠋ᠠᠷᠠᠭᠤᠯᠤᠨ᠂ ᠬᠢᠨᠠᠨ ᠲᠣᠭᠲᠠᠭ᠋ᠠᠬᠤ ᠠᠵᠢᠯ᠎ᠤᠨ ᠲᠥᠪ ᠭᠣᠥᠯᠴᠢ ᠵᠢ ᠪᠠᠲᠤᠯᠠᠪᠠ᠃
    ᠲᠤᠰ ᠤᠳᠠᠭ᠋ᠠᠨ᠎ᠤ ᠳᠡᠭᠡᠳᠦ ᠵᠡᠷᠭᠡ ᠵᠢᠨ ᠨᠡᠢ᠌ᠭᠡᠮ᠎ᠤᠨ ᠠᠵᠢᠯ᠎ᠤᠨ ᠪᠠᠭᠰᠢ ᠵᠢᠨ ᠰᠦᠯᠵᠢᠶᠡᠨ ᠳᠡᠭᠡᠷᠡᠬᠢ ᠬᠢᠨᠠᠨ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠨᠡᠢ᠌ᠭᠡᠮ᠎ᠤᠨ ᠠᠵᠢᠯᠲᠠᠳ᠎ᠤᠨ ᠠᠵᠢᠯ ᠮᠡᠷᠭᠡᠵᠢᠯ᠎ᠤᠨ ᠴᠢᠳᠠᠪᠤᠷᠢ᠂ ᠠᠵᠢᠯ᠎ᠤᠨ ᠪᠣᠳᠠᠲᠤ ᠪᠦᠲᠦᠮᠵᠢ᠂ ᠠᠵᠢᠯ ᠲᠥᠷᠥᠯ᠎ᠤᠨ ᠳᠣᠲᠣᠷᠠᠬᠢ ᠨᠥᠯᠥᠭᠡᠯᠡᠬᠦ ᠬᠦᠴᠦᠨ᠎ᠢ ᠭᠣᠣᠯᠳᠠᠯᠭ᠎ᠠ᠎ᠲᠠᠢ ᠰᠢᠨᠵᠢᠯᠡᠨ ᠪᠠᠢ᠌ᠴᠠᠭ᠋ᠠᠵᠤ᠂ ᠬᠤᠪᠢ ᠬᠥᠮᠥᠨ᠎ᠤ ᠲᠤᠰᠬᠠᠢ ᠮᠡᠷᠭᠡᠵᠢᠯ᠎ᠤᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠂ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠪᠦᠲᠦᠴᠡ ᠵᠢ ᠰᠢᠯᠢᠳᠡᠭᠵᠢᠭᠦᠯᠬᠦ᠂ ᠮᠠᠨ᠎ᠤ ᠣᠷᠣᠨ᠎ᠤ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ ᠪᠠᠳᠠᠷᠠᠭᠤᠯᠵᠤ᠂ ᠪᠥᠬᠥ ᠣᠷᠣᠨ᠎ᠤ ᠨᠡᠢ᠌ᠭᠡᠮ᠎ᠤᠨ ᠠᠵᠢᠯ᠎ᠤᠨ ᠲᠤᠰᠬᠠᠢ᠌ᠵᠢᠯᠲᠠ᠂ ᠲᠤᠰᠬᠠᠢ᠌ᠵᠢᠯᠲᠠ ᠵᠢᠨ ᠬᠥᠭᠵᠢᠯᠲᠡ ᠵᠢ ᠬᠦᠴᠦᠲᠡᠢ ᠠᠬᠢᠭᠤᠯᠬᠤ ᠪᠤᠯᠤᠨ᠎ᠠ᠃

 

 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠨᠡᠢ᠌ᠬᠡᠮᠯᠢᠭ᠎ᠤᠨ᠎ᠬᠢᠨ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠵᠤ ᠰᠢᠨ᠎ᠡ ᠠᠮᠵᠢᠯᠲᠠ ᠡᠬᠦᠳᠴᠤ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠨᠡᠢ᠌ᠭᠡᠮᠯᠢᠭ᠎ᠤᠨ᠎ᠬᠢᠨ ᠱᠠᠨᠰᠢ ᠮᠤᠵᠢ ᠵᠢᠨ ᠪᠠᠷᠢᠯᠭ᠎ᠠ ᠵᠢᠨ ᠦᠢ᠍ᠯᠡᠰ᠎ᠤᠨ ᠨᠡᠢ᠌ᠭᠡᠮᠯᠢᠭ᠎ᠤᠨ᠎ᠬᠢᠨ᠎ᠲᠠᠢ ᠲᠤᠬᠠᠢ᠌ᠯᠠᠬᠰᠠᠨ ᠠᠵᠢᠯ᠎ᠤᠨ ᠲᠤᠬᠠᠢ ᠰᠠᠨᠠᠯ ᠵᠶ᠋ᠡᠨ ᠰᠤᠯᠢᠯᠴᠠᠪᠠ
ᠥᠪᠥᠷ ᠮᠣᠩᠭᠣᠯ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠵᠢᠯᠤᠭᠣᠳᠬᠤ ᠥᠷᠲᠡᠭᠡ ᠵᠢᠨ᠎ᠬᠢᠨ ᠥᠪᠥᠷ ᠮᠣᠩᠭᠣᠯ᠎ᠤᠨ ᠮᠡᠳᠡᠭᠡ ᠵᠠᠩᠭᠢ ᠵᠢᠨ ᠮᠡᠷᠭᠡᠵᠢᠯ᠎ᠤᠨ ᠨᠡᠢ᠌ᠬᠡᠮᠯᠢᠭ᠎ᠲᠤ ᠪᠠᠢ᠌ᠴᠠᠭ᠋ᠠᠨ ᠰᠤᠳᠤᠯᠪᠠ
ᠥᠪᠥᠷ ᠮᠣᠩᠭᠣᠯ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ᠎ᠬᠢᠨ ᠭᠠᠮᠰᠢᠬᠳᠠᠬᠰᠠᠨ ᠤᠷᠤᠨ᠎ᠢ ᠲᠦᠷᠬᠡᠨ ᠲᠡᠮᠵᠢᠵᠤ ᠬᠠᠷᠢᠭᠤᠴᠠᠯᠭ᠎ᠠ ᠡᠬᠦᠷᠬᠡᠯᠡᠯ ᠵᠶ᠋ᠡᠨ ᠢᠯᠡᠷᠡᠬᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠠᠲᠤᠬᠠᠭ᠋ᠠᠯᠭ᠎ᠠ ᠵᠢᠨ ᠳᠤᠮᠳᠠᠳᠤ ᠰᠤᠷᠭ᠋ᠠᠭᠤᠯᠢ᠎ᠳᠤ ᠰᠤᠷᠤᠯᠭ᠎ᠠ ᠵᠢ ᠲᠤᠰᠠᠯᠠᠬᠤ ᠬᠠᠨᠳᠢᠪ ᠡᠷᠬᠦᠬᠦ ᠠᠵᠢᠯᠯᠠᠭ᠎ᠠ ᠥᠷᠨᠢᠭᠦᠯᠪᠡ
 
            