ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 《ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠠᠵᠢᠯᠯᠠᠭ᠎ᠠ᠎ᠳᠤ ᠬᠠᠮᠲᠤ᠎ᠪᠠᠷ ᠤᠷᠤᠯᠴᠠᠶ᠎ᠠ》 ᠭᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2023-07-31

   ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠬᠦ ᠲᠠᠯ᠎ᠠ ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ᠂ ᠪᠥᠬᠥ ᠲᠠᠯ᠎ᠠ᠎ᠪᠠᠷ ᠠᠷᠪᠢᠯᠠᠨ ᠭᠠᠮᠨᠠᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠦᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠤᠬᠠᠭᠤᠯᠭ᠎ᠠ ᠬᠥᠮᠦᠵᠢᠯ᠎ᠢ ᠥᠷᠭᠡᠨ ᠲᠡᠯᠬᠡᠷ ᠦᠷᠨᠢᠬᠦᠯᠬᠦ ᠵᠢᠨ ᠲᠦᠯᠤᠬᠡ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠪᠥᠬᠥ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠬᠤᠭᠤᠴᠠᠭ᠋ᠠᠨ᠎ᠳᠤ᠂ 《ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠠᠵᠢᠯᠯᠠᠭ᠎ᠠ᠎ᠳᠤ ᠬᠠᠮᠳᠤ᠎ᠪᠠᠷ ᠤᠷᠤᠯᠴᠠᠶ᠎ᠠ》 ᠵᠡᠷᠭᠡ ᠤᠯᠠᠨ ᠶᠠᠡᠭᠵᠤ ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠭᠦᠨ ᠵᠤᠵᠠᠭ᠋ᠠᠨ ᠠᠭᠤᠷ ᠠᠮᠢᠰᠬᠤᠯ᠎ᠢ ᠢᠳᠡᠪᠬᠢᠲᠡᠢ᠎ᠪᠠᠷ ᠪᠣᠶ ᠪᠤᠯᠭ᠋ᠠᠪᠠ᠃

       W020230726560136117140.jpg

 

   7 ᠳ᠋ᠤᠭ᠋ᠠᠷ ᠰᠠᠷ᠎ᠠ ᠵᠢᠨ 10᠎ᠤ ᠡᠳᠦᠷ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠬᠤᠷᠠᠯ᠎ᠤᠨ ᠭᠡᠷ᠎ᠲᠤ ᠪᠥᠬᠥ ᠺᠠᠳ᠋ᠷ ᠠᠵᠢᠯᠲᠠᠨ ᠠᠵᠢᠯᠴᠢᠨ᠎ᠢ ᠵᠣᠬᠢᠶᠠᠨ ᠪᠠᠢ᠌ᠭᠤᠯᠵᠤ 2023 ᠣᠨ᠎ᠤ ᠪᠥᠬᠥ ᠤᠯᠤᠰ᠎ᠤᠨ ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ᠎ᠤᠨ 《ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠭᠤᠷᠠᠭᠤᠯᠬᠤ ᠠᠵᠢᠯᠯᠠᠭ᠎ᠠ᠎ᠳᠤ ᠬᠠᠮᠲᠤ᠎ᠪᠠᠷ ᠤᠷᠤᠯᠴᠠᠶ᠎ᠠ》 ᠭᠡᠬᠦ ᠡᠬᠢᠯᠡᠯᠲᠡ ᠵᠢᠨ ᠶᠣᠰᠣᠯᠠᠯ᠎ᠤᠨ ᠨᠡᠪᠳᠡᠷᠡᠬᠦᠯᠬᠡ ᠵᠢ ᠭᠥᠯᠢᠶᠡᠨ ᠠᠪᠴᠤ ᠦᠵᠡᠪᠡ᠃

       W020230726560136123504.jpg

 

 

   7 ᠳ᠋ᠤᠭ᠋ᠠᠷ ᠰᠠᠷ᠎ᠠ ᠵᠢᠨ 12᠎ᠤᠨ ᠡᠳᠦᠷ 《ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠡᠳᠦᠷ》᠎ᠲᠤ ᠲᠤᠬᠢᠶᠠᠯᠳᠤᠭᠤᠯᠤᠨ 《ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠦᠭᠵᠢᠯᠳᠡ ᠵᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠭᠰᠠᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠵᠢ ᠬᠦᠯᠢᠶᠡᠨ ᠠᠪᠴᠤ ᠦᠵᠡᠵᠡᠬᠡᠪᠡ᠃ 7 ᠰᠠᠷ᠎ᠠ ᠵᠢᠨ 13᠎ᠤ ᠡᠳᠦᠷ ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ᠎ᠤᠨ ᠬᠠᠮᠢᠶ᠎ᠠ ᠪᠦᠬᠦᠢ ᠠᠵᠢᠯᠯᠠᠭ᠎ᠠ ᠵᠢ ᠵᠣᠬᠢᠶᠠᠨ ᠪᠠᠢ᠌ᠭᠤᠯᠤᠨ  ᠦᠷᠨᠢᠬᠦᠯᠪᠡ᠃

    ᠪᠠᠰᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠬᠦᠷᠢᠶᠡᠨ᠎ᠳᠤ 《ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢ ᠪᠠᠭ᠋ᠠᠰᠬᠠᠬᠤ ᠠᠵᠢᠯᠯᠠᠭ᠎ᠠ᠎ᠳᠤ ᠬᠠᠮᠲᠤ᠎ᠪᠠᠷ ᠤᠷᠤᠯᠴᠠᠶ᠎ᠠ》 《ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ  ᠠᠷᠭ᠋ᠠᠴᠠᠭ᠋ᠠᠵᠤ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠶ᠎ᠠ》 ᠭᠡᠬᠦ ᠵᠡᠷᠭᠡ ᠬᠥᠨᠳᠡᠯᠡᠨ ᠪᠢᠴᠢᠭᠡᠰᠦ ᠵᠢ ᠡᠯᠭᠦᠵᠦ᠂ ᠭᠥᠯᠢᠶᠡᠨ ᠠᠪᠬᠤ ᠲᠢᠩᠬᠢᠮ᠎ᠳᠤ ᠰᠠᠮᠪᠠᠷ᠎ᠠ ᠭᠠᠷᠭ᠋ᠠᠬᠰᠠᠨ ᠪᠦᠬᠡᠳ ᠡᠨᠧᠷᠭᠢ ᠠᠷᠪᠢᠯᠠᠬᠤ ᠮᠡᠳᠡᠯᠭᠡ ᠵᠢᠨ ᠰᠦᠯᠵᠢᠶᠡᠨ ᠳᠡᠭᠡᠷ᠎ᠡ ᠱᠠᠩᠨᠠᠯ᠎ᠲᠠᠢ ᠰᠡᠳᠦᠪ ᠬᠠᠷᠢᠭᠤᠯᠬᠤ ᠵᠡᠷᠭᠡ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠤᠬᠠᠭᠤᠯᠭ᠎ᠠ ᠵᠢ ᠥᠷᠨᠢᠭᠦᠯᠵᠦ᠂ ᠺᠠᠳ᠋ᠷ ᠠᠵᠢᠯᠳᠠᠨ ᠠᠵᠢᠯᠴᠢᠳ᠎ᠤᠨ ᠤᠯᠤᠰ᠎ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠠᠵᠢᠯᠯᠠᠭ᠎ᠠ ᠵᠢ ᠢᠳᠡᠪᠬᠢᠲᠡᠢ᠎ᠪᠠᠷ ᠴᠤᠤᠷᠢᠶᠠᠲᠤᠨ ᠲᠠᠭ᠋ᠠᠬᠤ ᠵᠢ ᠤᠷᠢᠶᠠᠯᠠᠪᠠ᠃ 

 

 

 

 



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠪᠥᠬᠥ ᠣᠷᠣᠨ᠎ᠤ ᠳᠡᠭᠡᠳᠦ ᠲᠠᠰ᠎ᠤᠨ ᠨᠡᠢ᠌ᠭᠡᠮ᠎ᠤᠨ ᠠᠵᠢᠯᠲᠠᠨ᠎ᠤ ᠰᠢᠯᠭ᠋ᠠᠷᠠᠭᠤᠯᠬᠤ ᠮᠡᠳᠬᠡᠯᠴᠡᠬᠡᠨ ᠥᠷᠨᠢᠭᠦᠯᠪᠡ
ᠥᠪᠥᠷ ᠮᠣᠩᠭᠣᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠨᠡᠢ᠌ᠬᠡᠮᠯᠢᠭ᠎ᠤᠨ᠎ᠬᠢᠨ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠵᠤ ᠰᠢᠨ᠎ᠡ ᠠᠮᠵᠢᠯᠲᠠ ᠡᠬᠦᠳᠴᠤ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠨᠡᠢ᠌ᠭᠡᠮᠯᠢᠭ᠎ᠤᠨ᠎ᠬᠢᠨ ᠱᠠᠨᠰᠢ ᠮᠤᠵᠢ ᠵᠢᠨ ᠪᠠᠷᠢᠯᠭ᠎ᠠ ᠵᠢᠨ ᠦᠢ᠍ᠯᠡᠰ᠎ᠤᠨ ᠨᠡᠢ᠌ᠭᠡᠮᠯᠢᠭ᠎ᠤᠨ᠎ᠬᠢᠨ᠎ᠲᠠᠢ ᠲᠤᠬᠠᠢ᠌ᠯᠠᠬᠰᠠᠨ ᠠᠵᠢᠯ᠎ᠤᠨ ᠲᠤᠬᠠᠢ ᠰᠠᠨᠠᠯ ᠵᠶ᠋ᠡᠨ ᠰᠤᠯᠢᠯᠴᠠᠪᠠ
ᠥᠪᠥᠷ ᠮᠣᠩᠭᠣᠯ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠵᠢᠯᠤᠭᠣᠳᠬᠤ ᠥᠷᠲᠡᠭᠡ ᠵᠢᠨ᠎ᠬᠢᠨ ᠥᠪᠥᠷ ᠮᠣᠩᠭᠣᠯ᠎ᠤᠨ ᠮᠡᠳᠡᠭᠡ ᠵᠠᠩᠭᠢ ᠵᠢᠨ ᠮᠡᠷᠭᠡᠵᠢᠯ᠎ᠤᠨ ᠨᠡᠢ᠌ᠬᠡᠮᠯᠢᠭ᠎ᠲᠤ ᠪᠠᠢ᠌ᠴᠠᠭ᠋ᠠᠨ ᠰᠤᠳᠤᠯᠪᠠ
ᠥᠪᠥᠷ ᠮᠣᠩᠭᠣᠯ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ᠎ᠬᠢᠨ ᠭᠠᠮᠰᠢᠬᠳᠠᠬᠰᠠᠨ ᠤᠷᠤᠨ᠎ᠢ ᠲᠦᠷᠬᠡᠨ ᠲᠡᠮᠵᠢᠵᠤ ᠬᠠᠷᠢᠭᠤᠴᠠᠯᠭ᠎ᠠ ᠡᠬᠦᠷᠬᠡᠯᠡᠯ ᠵᠶ᠋ᠡᠨ ᠢᠯᠡᠷᠡᠬᠦᠯᠪᠡ
 
            