ᠲᠣᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠠᠵᠢᠯ ᠲᠥᠷᠥᠯ᠎ᠤᠨ ᠬᠦᠭᠵᠢᠯᠳᠡ ᠵᠢ ᠠᠬᠢᠭᠤᠯᠬᠤ ᠵᠢᠨ ᠲᠥᠯᠥᠭᠡ ᠱᠠᠨᠰᠢ ᠮᠤᠵᠢ ᠵᠢᠨ ᠪᠠᠷᠢᠯᠭ᠎ᠠ ᠵᠢᠨ ᠦᠢ᠍ᠯᠡᠰ᠎ᠤᠨ ᠨᠡᠢ᠌ᠭᠡᠮᠯᠢᠭ᠎ᠤᠨ᠎ᠬᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠨᠡᠢ᠌ᠭᠡᠮᠯᠢᠭ᠎ᠲᠤ ᠢᠷᠡᠵᠤ ᠶᠠᠷᠢᠯᠴᠠᠬᠤ ᠬᠤᠷᠠᠯ ᠬᠤᠷᠠᠯᠳᠤᠭᠤᠯᠤᠨ᠂ ᠨᠡᠢ᠌ᠭᠡᠮᠯᠢᠭ᠎ᠤᠨ ᠠᠵᠢᠯᠯᠠᠭ᠋ᠠᠨ᠂ ᠳᠣᠲᠣᠭ᠋ᠠᠳᠤ ᠵᠢᠨ ᠵᠠᠰᠠᠯᠲᠠ᠂ ᠭᠡᠰᠢᠭᠦᠳ᠎ᠤᠨ ᠦᠢ᠍ᠯᠡᠴᠢᠯᠡᠭᠡ ᠵᠡᠷᠭᠡ ᠲᠠᠯ᠎ᠠ᠎ᠪᠠᠷ ᠲᠤᠷᠰᠢᠯᠭ᠎ᠠ᠎ᠪᠠᠨ ᠰᠣᠯᠢᠯᠴᠠᠵᠤ᠂ ᠬᠠᠷᠢᠯᠴᠠᠨ ᠠᠬᠢᠭᠤᠯᠵᠤ᠂ ᠬᠠᠮᠲᠤ᠎ᠪᠠᠷ ᠳᠡᠭᠡᠭᠰᠢᠯᠡᠭᠦᠯᠬᠦ ᠵᠣᠷᠢᠯᠭ᠎ᠠ᠎ᠳᠤ᠎ᠪᠠᠨ ᠭᠦᠷᠦᠭᠰᠡᠨ ᠪᠠᠢ᠌ᠨ᠎ᠠ᠃
ᠶᠠᠷᠢᠯᠴᠠᠬᠤ ᠬᠤᠷᠠᠯ ᠳᠡᠭᠡᠷ᠎ᠡ ᠱᠠᠨᠰᠢ ᠮᠤᠵᠢ ᠵᠢᠨ ᠪᠠᠷᠢᠯᠭ᠎ᠠ ᠵᠢᠨ ᠦᠢ᠍ᠯᠡᠰ᠎ᠤᠨ ᠨᠡᠢ᠌ᠭᠡᠮᠯᠢᠭ᠎ᠤᠨ ᠭᠡᠰᠢᠭᠦᠨ᠎ᠤ ᠬᠠᠮᠢᠶᠠᠷᠤᠯᠲᠠ ᠵᠢᠨ ᠬᠡᠯᠲᠡᠰ᠎ᠤᠨ ᠳᠠᠷᠤᠭ᠎ᠠ ᠬᠤ᠌ ᠢᠦᠢ ᠵᠧᠦ ᠲᠤᠰ ᠤᠳᠠᠭ᠎ᠠ ᠵᠢᠨ ᠪᠠᠢ᠌ᠴᠠᠭ᠋ᠠᠨ ᠰᠤᠳᠤᠯᠵᠤ ᠰᠣᠯᠢᠯᠴᠠᠬᠤ ᠵᠣᠷᠢᠯᠭ᠎ᠠ᠎ᠪᠠᠨ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠨᠡᠢ᠌ᠭᠡᠮᠯᠢᠭ᠎ᠤᠨ ᠨᠠᠮ᠎ᠤᠨ ᠡᠭᠦᠷ᠎ᠤᠨ ᠱᠦᠵᠢ ᠮᠸᠡᠭ ᠨᠠ ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠬᠤ᠂ ᠬᠥᠭᠵᠢᠯᠲᠡ ᠵᠢᠨ ᠶᠠᠪᠤᠴᠠ᠂ ᠬᠠᠮᠢᠶᠠᠷᠤᠯᠲᠠ ᠵᠢᠨ ᠪᠦᠲᠦᠴᠡ ᠪᠠ ᠥᠭᠡᠷᠡᠴᠢᠯᠡᠯᠲᠡ ᠬᠢᠵᠦ ᠬᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠶᠠᠪᠤᠴᠠ᠎ᠳᠤ ᠣᠯᠣᠭᠰᠠᠨ ᠠᠮᠵᠢᠯᠲᠠ᠎ᠲᠠᠢ ᠲᠤᠷᠰᠢᠯᠭ᠎ᠠ᠎ᠪᠠᠨ ᠨᠠᠷᠢᠨ ᠲᠠᠨᠢᠯᠴᠠᠭᠤᠯᠪᠠ᠃ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠨᠡᠢ᠌ᠭᠡᠮᠯᠢᠭ᠎ᠤᠨ ᠨᠠᠷᠢᠨ ᠪᠢᠴᠢᠭ᠎ᠤᠨ ᠳᠠᠷᠤᠭ᠎ᠠ ᠵᠢᠨ ᠲᠤᠰᠠᠯᠠᠭᠴᠢ ᠯᠢ ᠶᠦᠩ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠵᠢᠯᠣᠭᠣᠳᠤᠮᠵᠢ ᠪᠣᠯᠭ᠋ᠠᠬᠤ᠂ ᠳᠤᠮᠳᠠ ᠪᠠᠭ᠎ᠠ ᠠᠵᠤ ᠠᠬᠤᠢ᠌ᠯᠠᠯ᠎ᠤᠨ ᠬᠥᠭᠵᠢᠯᠲᠡ ᠵᠢ ᠲᠡᠳᠬᠦᠬᠦ ᠵᠡᠷᠭᠡ ᠲᠠᠯ᠎ᠠ᠎ᠪᠠᠷ ᠱᠠᠨᠰᠢ ᠵᠢᠨ ᠪᠦᠲᠦᠭᠡᠨ ᠪᠠᠢ᠌ᠭᠤᠯᠤᠯᠲᠠ ᠵᠢᠨ ᠵᠣᠬᠢᠴᠠᠭᠤᠯᠤᠨ ᠰᠤᠳᠤᠯᠬᠤ ᠳᠤᠭᠤᠢ᠌ᠯᠠᠩ᠎ᠲᠠᠢ ᠭᠦᠨᠵᠡᠭᠡᠢ ᠰᠣᠯᠢᠯᠴᠠᠭ᠎ᠠ ᠪᠠ ᠶᠠᠷᠢᠯᠴᠠᠭ᠎ᠠ ᠬᠢᠵᠡᠢ᠃ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠨᠡᠢ᠌ᠭᠡᠮᠯᠢᠭ᠎ᠤᠨ ᠠᠵᠢᠯ ᠲᠦᠷᠦᠯ᠎ᠤᠨ ᠬᠥᠭᠵᠢᠯᠲᠡ ᠪᠣᠯᠣᠨ ᠨᠡᠢ᠌ᠭᠡᠮᠯᠢᠭ᠎ᠤᠨ ᠭᠡᠰᠢᠭᠦᠳ᠎ᠤᠨ ᠦᠢ᠍ᠯᠡᠴᠢᠯᠡᠭᠡᠨ᠎ᠤ ᠬᠡᠯᠲᠡᠰ᠎ᠤᠨ ᠳᠠᠷᠤᠭ᠎ᠠ ᠯᠢ ᠮᠢᠩ ᠶᠤᠸᠠᠨ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠠᠵᠤ ᠠᠬᠤᠢ᠌ᠯᠠᠯ᠎ᠲᠠᠢ ᠬᠡᠷᠬᠢᠨ ᠤᠨᠢᠨ ᠳᠡᠭᠡᠷ᠎ᠡ᠎ᠨᠢ ᠵᠣᠯᠭ᠋ᠠᠭᠤᠯᠬᠤ ᠵᠢᠨ ᠲᠣᠭᠣᠷᠢᠨ᠎ᠳᠤ ᠰᠢᠨ᠎ᠡ ᠭᠡᠰᠢᠭᠦᠨ᠎ᠢ ᠡᠯᠰᠡᠵᠦ᠂ ᠬᠠᠭᠤᠴᠢᠨ ᠭᠡᠰᠢᠭᠦᠨ᠎ᠢ ᠪᠡᠬᠢᠵᠢᠭᠦᠯᠵᠦ᠂ ᠠᠵᠢᠯ ᠲᠦᠷᠦᠯ᠎ᠤᠨ᠎ᠬᠢᠨ᠎ᠤ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠲᠠᠪᠴᠠᠩ ᠪᠠᠢ᠌ᠭᠤᠯᠵᠤ᠂ ᠨᠡᠢ᠌ᠭᠡᠮᠯᠢᠭ᠎ᠤᠨ ᠭᠡᠰᠢᠭᠦᠨ ᠠᠵᠤ ᠠᠬᠤᠢ᠌ᠯᠠᠯ᠎ᠳᠤ ᠦᠢ᠍ᠯᠡᠴᠢᠯᠡᠬᠦ ᠲᠠᠯ᠎ᠠ᠎ᠪᠠᠷ ᠲᠤᠷᠰᠢᠯᠭ᠎ᠠ᠎ᠪᠠᠨ ᠰᠣᠯᠢᠯᠴᠠᠵᠠᠢ᠃ ᠥᠪᠥᠷ ᠮᠣᠩᠭᠣᠯ᠎ᠤᠨ ᠬᠣᠩ ᠢᠦᠢ ᠵᠢᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ ᠵᠢᠨ ᠵᠢᠭ᠋ᠠᠨ ᠰᠤᠷᠭ᠋ᠠᠬᠤ ᠭᠠᠵᠠᠷ᠎ᠤᠨ ᠡᠷᠬᠢᠯᠡᠭᠴᠢ ᠸᠠᠩ ᠱᠤ᠌ ᠴᠢ ᠠᠵᠢᠯ ᠲᠦᠷᠦᠯ᠎ᠤᠨ ᠪᠣᠯᠪᠠᠰᠤᠷᠠᠯ ᠥᠷᠨᠢᠭᠦᠯᠬᠦ ᠲᠠᠯ᠎ᠠ᠎ᠪᠠᠷ ᠨᠠᠨᠳᠢᠨ ᠲᠤᠷᠰᠢᠯᠭ᠎ᠠ᠎ᠪᠠᠨ ᠤᠯᠠᠮᠵᠢᠯᠠᠪᠠ᠃
ᠶᠠᠷᠢᠯᠴᠠᠬᠤ ᠬᠤᠷᠠᠯ ᠵᠶ᠋ᠠᠷ ᠳᠠᠮᠵᠢᠭᠤᠯᠤᠨ ᠬᠣᠶᠠᠷ ᠭᠠᠵᠠᠷ᠎ᠤᠨ ᠨᠡᠢ᠌ᠭᠡᠮᠯᠢᠭ᠎ᠤᠨ᠎ᠬᠢᠨ᠎ᠤ ᠠᠵᠢᠯ᠎ᠤᠨ ᠬᠠᠷᠢᠯᠴᠠᠭ᠎ᠠ ᠵᠢ ᠤᠯᠠᠮ ᠠᠬᠢᠭᠤᠯᠵᠤ᠂ 《ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ᠂ ᠨᠥᠬᠥᠷᠰᠡᠭ ᠵᠶ᠋ᠡᠷ ᠬᠠᠮᠵᠢᠯᠴᠠᠬᠤ᠂ ᠭᠡᠰᠢᠭᠦᠳ᠎ᠲᠤ ᠦᠢ᠍ᠯᠡᠴᠢᠯᠡᠬᠦ᠂ ᠬᠥᠭᠵᠢᠯᠲᠡ ᠵᠢ ᠬᠠᠮᠲᠤ᠎ᠪᠠᠷ ᠰᠦᠪᠡᠭᠴᠢᠯᠡᠬᠦ》 ᠵᠠᠷᠴᠢᠮ᠎ᠢ ᠪᠠᠷᠢᠮᠲᠠᠯᠠᠨ᠂ ᠬᠣᠶᠠᠷ ᠭᠠᠵᠠᠷ᠎ᠤᠨ ᠨᠡᠢ᠌ᠭᠡᠮᠯᠢᠭ᠎ᠤᠨ᠎ᠬᠢᠨ ᠬᠠᠷᠢᠯᠴᠠᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠪᠠᠷᠢᠯᠭ᠎ᠠ ᠵᠢᠨ ᠠᠵᠢᠯ ᠲᠥᠷᠥᠯ᠎ᠤᠨ ᠨᠡᠢ᠌ᠭᠡᠮᠯᠢᠭ᠎ᠤᠨ ᠠᠵᠢᠯ᠎ᠤᠨ ᠰᠢᠨ᠎ᠡ ᠰᠡᠳᠬᠢᠴᠡ᠂ ᠰᠢᠨ᠎ᠡ ᠠᠷᠭ᠎ᠠ ᠵᠢ ᠲᠠᠰᠤᠷᠠᠯᠲᠠ ᠦᠭᠡᠢ ᠰᠦᠪᠡᠭᠴᠢᠯᠡᠬᠦ ᠪᠤᠯᠤᠨ᠎ᠠ ᠃ ᠶᠠᠰᠤ ᠴᠢᠨᠠᠷ᠎ᠤᠨ ᠠᠮᠤᠷ ᠲᠦᠪᠰᠢᠨ ᠵᠶ᠋ᠡᠷ ᠭᠣᠣᠯ ᠰᠢᠵᠢᠮ ᠪᠣᠯᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠷᠭ᠎ᠠ ᠪᠤᠯᠭ᠋ᠠᠨ᠂ ᠴᠢᠳᠠᠪᠤᠷᠢᠲᠠᠨ᠎ᠢ ᠬᠥᠮᠥᠵᠢᠭᠦᠯᠬᠦ᠎ᠪᠠᠷ ᠬᠠᠷᠠᠯᠲᠠ ᠪᠣᠯᠭ᠋ᠠᠵᠤ᠂ ᠬᠣᠶᠠᠷ ᠭᠠᠵᠠᠷ᠎ᠤᠨ ᠲᠤᠬᠠᠢ᠌ᠯᠠᠭᠰᠠᠨ ᠠᠵᠢᠯ᠎ᠤᠨ ᠪᠠᠢ᠌ᠭᠤᠯᠤᠯᠲᠠ ᠵᠢᠨ ᠲᠦᠪᠰᠢᠨ᠎ᠢ ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠬᠠᠮᠲᠤᠳᠬᠠᠵᠤ ᠪᠠᠢ᠌ᠭ᠋ᠠᠳ ᠭᠠᠷ ᠬᠣᠯᠪᠣᠨ ᠬᠠᠮᠳᠤ᠎ᠪᠠᠷ ᠠᠬᠢᠭᠤᠯᠬᠤ ᠪᠤᠯᠤᠨ᠎ᠠ᠃