ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ᠎ᠬᠢᠨ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠬᠢᠴᠢᠶᠡᠯ ᠵᠢᠭ᠋ᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2023-07-31

   ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠦᠪ᠎ᠤᠨ᠎ᠬᠢᠨ 2023 ᠣᠨ᠎ᠤ 7 ᠰᠠᠷ᠎ᠠ ᠵᠢᠨ 26 ᠎ᠤ ᠡᠳᠦᠷ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠬᠢᠴᠢᠶᠡᠯ ᠣᠷᠣᠬᠤ ᠠᠵᠢᠯᠯᠠᠭ᠎ᠠ ᠵᠢ ᠦᠷᠨᠢᠬᠦᠯᠵᠤ᠂ ᠶᠡᠷᠤᠡᠭᠭᠡᠢ᠌ᠯᠡᠭᠰᠡᠨ ᠪᠠᠳᠤᠯᠠᠭ᠎ᠠ ᠵᠢᠨ ᠲᠦᠪ᠎ᠤᠨ ᠨᠠᠮ᠎ᠤᠨ ᠡᠭᠦᠷ᠎ᠤᠨ ᠱᠦᠵᠢ ᠵᠤᠤ ᠵᠢᠩ ᠪᠥᠸᠧ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠂ ᠠᠬᠠᠮᠠᠳ ᠨᠢᠭᠡ ᠦᠶ᠎ᠡ ᠵᠢᠨ ᠰᠢᠨᠵᠢᠯᠡᠬᠦ ᠤᠬᠠᠭ᠋ᠠᠨᠲᠠᠨ᠂ ᠲᠡᠷᠢᠭᠦᠨ᠎ᠤ ᠵᠢᠱ᠌ᠢᠶᠡᠴᠢ ᠬᠥᠮᠥᠰ ᠵᠶ᠋ᠡᠷ ᠵᠢᠱ᠌ᠢᠶᠡᠯᠡᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠬᠤ᠂ ᠤᠯᠤᠰ ᠲᠦᠷᠦ ᠵᠢᠨ ᠤᠭ ᠴᠢᠨᠠᠷ ᠵᠶ᠋ᠠᠨ ᠡᠭᠦᠷᠢᠳᠡ ᠬᠠᠳᠠᠭ᠋ᠠᠯᠠᠬᠤ᠂ ᠬᠠᠷᠢᠭᠤᠴᠠᠯᠭ᠎ᠠ ᠡᠬᠦᠷᠬᠡᠯᠡᠯ ᠵᠶ᠋ᠡᠨ ᠴᠢᠩᠭ᠋ᠠᠳᠬᠠᠬᠤ ᠵᠢᠨ ᠲᠣᠭᠣᠷᠢᠨ᠎ᠳᠤ ᠭᠣᠣᠯ ᠪᠣᠯᠬᠤ ᠪᠦᠬᠦ ᠨᠠᠮ᠎ᠤᠨ ᠭᠡᠰᠢᠭᠦᠨ ᠺᠠᠳ᠋ᠷᠴᠤᠳ᠎ᠲᠤ ᠬᠢᠴᠢᠶᠡᠯ ᠣᠷᠣᠵᠠᠢ᠃
   ᠲᠤᠰ ᠨᠠᠮ᠎ᠤᠨ ᠬᠢᠴᠢᠶᠡᠯ ᠵᠶ᠋ᠡᠷ ᠳᠠᠮᠵᠢᠭᠤᠯᠤᠨ ᠬᠦᠰᠡᠯᠡᠩ ᠪᠠ ᠢᠲᠡᠭᠡᠯ ᠵᠣᠷᠢᠭ ᠵᠶ᠋ᠠᠨ ᠤᠯᠠᠮ  ᠪᠠᠳᠤᠳᠬᠠᠪᠠ ᠭᠡᠵᠤ ᠭᠣᠣᠯ ᠪᠣᠯᠬᠤ ᠨᠠᠮ᠎ᠤᠨ ᠭᠡᠰᠢᠭᠦᠨ ᠺᠠᠳ᠋ᠷᠴᠤᠳ ᠢᠯᠡᠷᠬᠡᠢ᠌ᠯᠡᠭᠰᠡᠨ ᠪᠦᠬᠡᠳ ᠬᠣᠢ᠌ᠰᠢᠳᠠ ᠵᠢᠨ ᠠᠵᠢᠯ᠎ᠳᠤ᠎ᠪᠠᠨ ᠢᠮᠠᠭᠲᠠ ᠢᠲᠡᠭᠡᠯ ᠪᠢᠰᠢᠷᠡᠯ᠎ᠤᠨ ᠰᠠᠭᠤᠷᠢ ᠵᠢ ᠪᠠᠲᠤᠳᠬᠠᠵᠤ᠂ ᠤᠶᠤᠨ ᠰᠠᠨᠠᠭ᠋ᠠᠨ᠎ᠤ ᠺᠠᠯᠼ᠎ᠢ ᠭᠦᠢ᠍ᠴᠡᠳ ᠨᠥᠬᠥᠪᠦᠷᠢᠯᠡᠵᠦ᠂ ᠦᠵᠡᠯ ᠰᠠᠨᠠᠭ᠋ᠠᠨ᠎ᠤ ᠵᠠᠯᠠᠭᠤᠷ᠎ᠢ ᠯᠠᠪᠳᠠᠭᠤᠨ ᠡᠵᠡᠮᠳᠡᠨ᠎ᠡ᠃ ᠭᠣᠣᠯ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠱᠠᠭ᠋ᠠᠷᠳᠠᠯᠭ᠎ᠠ ᠵᠢ ᠶᠠᠭ᠋ᠠᠬᠢᠵᠤ ᠬᠤᠪᠢᠷᠠᠭᠤᠯᠤᠭᠰᠠᠨ ᠴᠤ᠌ ᠬᠦᠰᠡᠯᠡᠩ ᠢᠲᠡᠭᠡᠯ ᠪᠢᠰᠢᠷᠡᠯ᠎ᠤᠨ ᠡᠷᠬᠢᠮ ᠳᠡᠭᠡᠳᠦ ᠬᠥᠭᠡᠭᠡᠴᠡᠯᠳᠦᠯ᠎ᠢ ᠬᠤᠪᠢᠷᠠᠭᠤᠯᠵᠤ ᠪᠣᠯᠬᠤ ᠦᠭᠡᠢ᠂ ᠪᠠᠢ᠌ᠭᠤᠯᠭ᠎ᠠ ᠵᠢᠨ ᠠᠵᠢᠯ᠎ᠳᠤ ᠦᠢ᠍ᠯᠡᠴᠢᠯᠡᠬᠦ ᠤᠬᠠᠮᠰᠠᠷ᠎ᠢ ᠬᠤᠪᠢᠷᠠᠭᠤᠯᠵᠤ ᠪᠣᠯᠬᠤ ᠦᠭᠡᠢ᠂ ᠠᠵᠢᠯ᠎ᠤᠨ ᠡᠭᠦᠷᠭᠡ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠡᠭᠦᠷᠭᠡᠯᠡᠯ᠎ᠢ ᠬᠤᠪᠢᠷᠠᠭᠤᠯᠵᠤ ᠪᠣᠯᠬᠤ ᠦᠭᠡᠢ᠂ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠬᠤ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠬᠤ᠎ᠪᠠᠷ ᠰᠤᠷᠲᠠᠯ᠎ᠢ ᠲᠥᠪ ᠪᠣᠯᠭ᠋ᠠᠬᠤ᠂ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ ᠵᠢ ᠦᠨᠡᠨ ᠬᠦ᠌ ᠪᠡᠶᠡᠯᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ  ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠬᠦᠨ᠎ᠡ ᠬᠡᠵᠡᠬᠡᠪᠡ᠃


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠡᠭᠡᠵᠢᠩ᠎ᠳᠤ ᠪᠥᠬᠥ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠠᠵᠢᠯᠳᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠤᠯᠪᠠᠰᠤᠷᠠᠯ ᠡᠷᠬᠢᠯᠡᠪᠡ
ᠬᠡᠦᠬᠡᠳ᠎ᠢ ᠬᠠᠯᠠᠮᠵᠢᠯᠠᠵᠤ᠂ ᠡᠷᠡᠬᠦᠯ ᠰᠠᠷᠠᠭᠤᠯ ᠦᠰᠬᠡᠵᠤ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 《ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠠᠵᠢᠯᠯᠠᠭ᠎ᠠ᠎ᠳᠤ ᠬᠠᠮᠲᠤ᠎ᠪᠠᠷ ᠤᠷᠤᠯᠴᠠᠶ᠎ᠠ》 ᠭᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠪᠥᠬᠥ ᠣᠷᠣᠨ᠎ᠤ ᠳᠡᠭᠡᠳᠦ ᠲᠠᠰ᠎ᠤᠨ ᠨᠡᠢ᠌ᠭᠡᠮ᠎ᠤᠨ ᠠᠵᠢᠯᠲᠠᠨ᠎ᠤ ᠰᠢᠯᠭ᠋ᠠᠷᠠᠭᠤᠯᠬᠤ ᠮᠡᠳᠬᠡᠯᠴᠡᠬᠡᠨ ᠥᠷᠨᠢᠭᠦᠯᠪᠡ
ᠥᠪᠥᠷ ᠮᠣᠩᠭᠣᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠨᠡᠢ᠌ᠬᠡᠮᠯᠢᠭ᠎ᠤᠨ᠎ᠬᠢᠨ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠵᠤ ᠰᠢᠨ᠎ᠡ ᠠᠮᠵᠢᠯᠲᠠ ᠡᠬᠦᠳᠴᠤ ᠪᠠᠢ᠌ᠨ᠎ᠠ
 
            