ᠥᠪᠥᠷ ᠮᠣᠩᠭᠣᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠨᠡᠢ᠌ᠬᠡᠮᠯᠢᠭ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠤᠨ ᠲᠣᠭᠣᠷᠢᠨ᠎ᠳᠤ ᠲᠤᠰ ᠪᠡᠶ᠎ᠡ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠡᠷᠲᠡ ᠴᠢᠯᠦᠭᠡᠯᠡᠭᠳᠡᠭᠰᠡᠨ ᠣᠷᠣᠨ᠎ᠤ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠵᠤ᠂ ᠡᠷᠲᠡ ᠴᠢᠯᠦᠭᠡᠯᠡᠭᠳᠡᠭᠰᠡᠨ ᠣᠷᠣᠨ᠎ᠤ ᠠᠷᠠᠳ ᠲᠦᠮᠡᠨ᠎ᠳᠤ ᠦᠢ᠍ᠯᠡᠴᠢᠯᠡᠵᠦ᠂ ᠡᠷᠲᠡ ᠴᠢᠯᠦᠭᠡᠯᠡᠭᠳᠡᠭᠰᠡᠨ ᠣᠷᠣᠨ᠎ᠤ ᠬᠥᠭᠵᠢᠯᠲᠡ ᠵᠢ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠬᠦᠯᠤᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠮᠠᠰᠢ ᠰᠠᠢ᠌ᠨ ᠵᠢᠱ᠌ᠢᠶ᠎ᠡ ᠦᠵᠡᠭᠦᠯᠬᠦ ᠪᠠ ᠳᠠᠭ᠋ᠠᠭᠤᠯᠬᠤ ᠦᠢ᠍ᠯᠡᠳᠦᠯ ᠦᠵᠡᠬᠦᠯᠦᠭᠰᠡᠨ ᠵᠶ᠋ᠡᠷ ᠪᠦᠬᠦ ᠤᠯᠤᠰ᠎ᠤᠨ ᠠᠬᠠᠮᠠᠳ ᠵᠢᠳᠬᠦᠯᠲᠡᠨᠢ ᠠᠬᠢᠭᠤᠯᠬᠤ ᠨᠡᠢ᠌ᠬᠡᠮᠯᠢᠭ᠎ᠤᠨ᠎ᠬᠢᠨ᠎ᠠᠴᠠ 《ᠪᠦᠬᠦ ᠤᠯᠤᠰ᠎ᠤᠨ ᠲᠡᠷᠢᠭᠦᠨ᠎ᠤ ᠠᠬᠠᠮᠠᠳ ᠵᠢᠳᠬᠦᠯᠲᠡᠨᠢ ᠠᠬᠢᠭᠤᠯᠬᠤ ᠨᠡᠢ᠌ᠬᠡᠮᠯᠢᠭ》 《ᠪᠦᠬᠦ ᠤᠯᠤᠰ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠤᠬᠠᠭᠤᠯᠭ᠎ᠠ ᠵᠢᠨ ᠠᠵᠢᠯ᠎ᠤᠨ ᠨᠢᠭᠡᠳᠦᠭᠡᠷ ᠳᠡᠰ᠎ᠤᠨ ᠱᠠᠩᠨᠠᠯ》 ᠬᠦᠷᠲᠡᠵᠦ᠂ ᠥᠪᠥᠷ ᠮᠣᠩᠭᠣᠯ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠲᠡᠷᠢᠭᠦᠨ᠎ᠤ ᠬᠠᠮᠲᠤ》 ᠵᠢᠨ ᠴᠤᠯᠨ ᠵᠢ ᠬᠦᠷᠳᠡᠭᠰᠡᠨ ᠶᠤᠮ᠃
ᠨᠢᠭᠡ᠎ᠳᠤ᠂ ᠰᠤᠷᠲᠠᠯ ᠤᠬᠠᠭᠤᠯᠭ᠎ᠠ ᠵᠢᠨ ᠠᠵᠢᠯ᠎ᠢ ᠠᠮᠢᠳᠤᠯᠢᠭ ᠰᠠᠢ᠌ᠬᠠᠨ ᠬᠢᠪᠡ᠃ ᠲᠡᠦᠬᠡ ᠵᠢᠨ ᠲᠥᠯᠥᠭᠡ ᠦᠭᠡ ᠬᠡᠯᠡᠬᠦ᠂ ᠴᠠᠭ ᠦᠶ᠎ᠡ ᠵᠢᠨ ᠲᠥᠯᠥᠭᠡ ᠮᠠᠭᠲᠠᠨ ᠳᠠᠭᠤᠯᠠᠬᠤ᠂ ᠬᠦᠭᠵᠢᠬᠦᠯᠤᠯᠳᠡ ᠵᠢᠨ ᠲᠥᠯᠥᠭᠡ ᠬᠦᠴᠦᠨ ᠵᠶ᠋ᠡᠨ ᠲᠥᠪᠯᠡᠷᠡᠭᠦᠯᠬᠦ ᠬᠠᠷᠢᠭᠤᠴᠠᠯᠭ᠋ᠠᠲᠤ ᠤᠬᠠᠮᠰᠠᠷ ᠵᠶ᠋ᠠᠷ 《ᠥᠪᠥᠷ ᠮᠣᠩᠭᠣᠯ᠎ᠤᠨ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠲᠡᠦᠬᠡ》 《ᠬᠤᠪᠢᠰᠬᠠᠯ᠎ᠤᠨ ᠵᠠᠭᠤᠨ ᠵᠢᠯ᠎ᠤᠨ ᠰᠦᠷ ᠳᠠᠯᠠᠢ᠌ᠴᠠᠲᠠᠢ ᠲᠡᠦᠬᠡᠨ ᠥᠩᠭᠡᠷᠡᠯᠲᠡ — ᠥᠪᠥᠷ ᠮᠣᠩᠭᠣᠯ᠎ᠤᠨ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠲᠡᠦᠬᠡ ᠵᠢᠨ ᠵᠢᠷᠤᠭᠲᠤ ᠳᠡᠪᠲᠡᠷ (ᠨᠢᠭᠡᠳᠦᠭᠡᠷ ᠪᠣᠳᠢ)》 ᠭᠡᠬᠦ ᠬᠣᠶᠠᠷ ᠲᠣᠮᠣ ᠪᠦᠲᠦᠭᠡᠯ᠎ᠢ ᠨᠠᠢ᠌ᠷᠠᠭᠤᠯᠤᠨ ᠪᠢᠴᠢᠵᠦ᠂ ᠨᠠᠮ᠎ᠠᠴᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠭᠰᠠᠨ ᠰᠢᠷᠭ᠋ᠠᠭᠤ ᠬᠠᠲᠠᠭᠤᠵᠢᠯᠲᠠᠢ ᠲᠡᠮᠡᠴᠡᠯ᠎ᠤᠨ ᠲᠡᠦᠬᠡ ᠵᠢ ᠤᠯᠠᠨ ᠲᠠᠯ᠎ᠠ᠎ᠠᠴᠠ᠂ ᠤᠯᠠᠨ ᠬᠠᠷᠠᠭ᠋ᠠᠰᠤ᠎ᠠᠴᠠ ᠲᠤᠰᠬᠠᠵᠠᠢ᠃ ᠲᠡᠷᠡᠴᠢᠯᠡᠨ 《ᠵᠢᠷᠤᠭᠲᠤ ᠳᠡᠪᠲᠡᠷ》 ᠵᠢᠨᠷ ᠦᠯᠢᠭᠡᠷ ᠳᠡᠪᠲᠡᠷ ᠪᠣᠯᠭ᠋ᠠᠵᠤ᠂ ᠥᠪᠥᠷ ᠮᠣᠩᠭᠣᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠬᠤᠪᠢᠰᠬᠠᠯ᠎ᠤᠨ ᠲᠡᠦᠬᠡ ᠵᠢᠨ ᠲᠣᠭ᠋ᠠᠴᠢᠯᠠᠭᠰᠠᠨ ᠦᠵᠡᠰᠬᠦᠯᠡᠩ᠎ᠤᠨ ᠣᠷᠳᠣᠨ᠎ᠢ ᠵᠣᠬᠢᠶᠠᠨ ᠳᠠᠭᠤᠰᠬᠠᠵᠤ᠂ ᠪᠦᠬᠦ ᠤᠯᠤᠰ᠎ᠤᠨ ᠡᠮᠦᠨ᠎ᠡ ᠡᠩᠨᠡᠭᠡᠨ᠎ᠳᠤ ᠤᠷᠤᠬᠰᠠᠨ ᠶᠤᠮ᠃ 《ᠥᠪᠥᠷ ᠮᠣᠩᠭᠣᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠰᠦᠯᠵᠢᠶ᠎ᠡ》 ᠵᠢᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠡᠬᠢᠯᠡᠭᠦᠯᠵᠦ᠂ ᠣᠳᠣᠬᠠᠨ᠎ᠳᠤ ᠨᠢᠭᠡᠨᠲᠡ 《ᠳᠤᠮᠳᠠᠳᠤ ᠤᠯᠤᠰ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠰᠦᠯᠵᠢᠶ᠎ᠡ》 ᠵᠢ ᠰᠦᠯᠵᠢᠶᠡᠨ᠎ᠳᠤ ᠣᠷᠣᠭᠤᠯᠤᠨ ᠨᠡᠪᠲᠡᠷᠡᠭᠦᠯᠪᠡ᠃ ᠴᠢᠩ ᠱᠦᠢ ᠾᠸ ᠰᠢᠶᠠᠨ᠎ᠤ ᠯᠣᠣ ᠨᠢᠦ ᠫᠦᠸᠸ ᠵᠢᠨ ᠨᠠᠮ᠎ᠤᠨ ᠭᠡᠰᠢᠭᠦᠨ ᠺᠠᠳ᠋ᠷ᠎ᠤᠨ ᠰᠤᠷᠭ᠋ᠠᠨ ᠬᠥᠮᠦᠵᠢᠯ᠎ᠤᠨ ᠲᠥᠪ᠎ᠲᠤ ᠠᠩᠬᠠᠳᠠᠭᠴᠢ 《ᠥᠪᠥᠷ ᠮᠣᠩᠭᠣᠯ᠎ᠤᠨ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠰᠤᠷᠭ᠋ᠠᠨ ᠬᠥᠮᠦᠵᠢᠯ᠎ᠤᠨ ᠰᠠᠭᠤᠷᠢᠨ》᠎ᠢ ᠪᠠᠢ᠌ᠭᠤᠯᠪᠠ᠃ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ ᠤᠪᠤᠭ᠎ᠠ ᠲᠣᠰᠬᠣᠨ᠎ᠳᠤ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠲᠣᠰᠬᠣᠨ》 ᠭᠡᠬᠦ ᠫᠠᠢ᠌ᠰᠠ ᠣᠯᠭᠣᠪᠠ᠃ 《ᠳᠤᠮᠳᠠᠳᠤ ᠤᠯᠤᠰ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠪᠦᠲᠦᠭᠡᠨ ᠪᠠᠢ᠌ᠭᠤᠯᠤᠯᠲᠠ》 ᠰᠡᠳᠬᠦᠯ ᠪᠣᠯᠣᠨ ᠳᠤᠮᠳᠠᠳᠤ ᠤᠯᠤᠰ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠰᠦᠯᠵᠢᠶ᠎ᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠥᠬᠥ ᠣᠷᠣᠨ᠎ᠤ ᠬᠡᠪᠯᠡᠯ ᠵᠠᠬᠢᠶᠠᠯᠠᠭᠰᠠᠨ ᠲᠣᠭ᠎ᠠ ᠪᠣᠯᠣᠨ ᠡᠬᠡ ᠪᠢᠴᠢᠭ ᠥᠭᠭᠦᠭᠰᠡᠨ ᠲᠣᠭ᠎ᠠ ᠵᠢᠯ ᠳᠠᠷᠠᠭ᠋ᠠᠯᠠᠨ ᠨᠡᠮᠡᠭᠳᠡᠵᠦ᠂ ᠳᠤᠮᠳᠠᠳᠤ ᠤᠯᠤᠰ᠎ᠤᠨ ᠡᠷᠲᠡ ᠴᠢᠯᠦᠭᠡᠯᠡᠭᠳᠡᠭᠰᠡᠨ ᠣᠷᠣᠨ᠎ᠢ ᠠᠬᠢᠭᠤᠯᠬᠤ ᠨᠡᠢ᠌ᠬᠡᠮᠯᠢᠭ᠎ᠤᠨ ᠬᠤᠷᠠᠯᠳᠤᠭᠤᠯᠤᠭᠰᠠᠨ ᠤᠬᠠᠭᠤᠯᠭ᠎ᠠ ᠵᠢᠨ ᠠᠵᠢᠯ᠎ᠤᠨ ᠬᠤᠷᠠᠯ ᠳᠡᠭᠡᠷ᠎ᠡ ᠲᠤᠷᠰᠢᠯᠭ᠎ᠠ᠎ᠪᠠᠨ ᠤᠯᠠᠨᠳᠠ ᠰᠣᠯᠢᠯᠴᠠᠪᠠ᠃ ᠤᠯᠠᠨ ᠲᠦᠮᠡᠨᠴᠢ ᠵᠠᠭᠤᠴᠢᠯᠠᠭᠤᠷ᠎ᠤᠨ ᠦᠢ᠍ᠯᠡᠳᠦᠯ᠎ᠢ ᠪᠠᠳᠠᠷᠠᠭᠤᠯᠵᠤ᠂ ᠥᠷᠭᠡᠨ ᠳᠡᠯᠭᠡᠷ ᠪᠥᠭᠡᠳ ᠳᠠᠰᠤᠷᠠᠯᠳᠠ ᠦᠭᠡᠢ ᠦᠷᠭᠦᠯᠵᠢᠯᠡᠭᠰᠡᠨ ᠡᠷᠲᠡ ᠴᠢᠯᠦᠭᠡᠯᠡᠭᠳᠡᠭᠰᠡᠨ ᠣᠷᠣᠨ᠎ᠤ ᠤᠬᠠᠭᠤᠯᠭ᠎ᠠ ᠵᠢᠨ ᠹᠷᠣᠨᠲ᠎ᠢ ᠪᠦᠷᠢᠯᠳᠦᠭᠦᠯᠵᠦ᠂ 2021 ᠣᠨ᠎ᠤ 9 ᠰᠠᠷ᠎ᠠ ᠵᠢᠨ 17᠎ᠤ ᠡᠳᠦᠷ 《ᠥᠪᠥᠷ ᠮᠣᠩᠭᠣᠯ᠎ᠤᠨ ᠡᠳᠦᠷ᠎ᠤᠨ ᠰᠣᠨᠢᠨ》 ᠲᠦᠷᠪᠡᠨ᠎ᠤ ᠨᠢᠭᠡ ᠬᠤᠪᠢ ᠵᠢᠨ ᠬᠡᠪᠯᠡᠯ ᠵᠶ᠋ᠡᠷ 《ᠬᠤᠪᠢᠰᠬᠠᠯ᠎ᠤᠨ ᠵᠠᠭᠤᠨ ᠵᠢᠯ᠎ᠢ ᠡᠷᠬᠢᠴᠡᠬᠦᠯᠵᠤ᠂ ᠰᠦᠷ ᠳᠠᠯᠠᠢ᠌ᠴᠠᠲᠠᠢ ᠠᠤᠭ᠎ᠠ ᠬᠦᠴᠦᠨ᠎ᠢ ᠨᠢᠭᠲᠠᠷᠠᠭᠤᠯᠤᠶ᠎ᠠ》 ᠭᠡᠬᠦ ᠵᠣᠬᠢᠶᠠᠯ᠎ᠢ ᠨᠡᠢ᠌ᠲᠡᠯᠡᠵᠦ᠂ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠨᠥᠯᠥᠭᠡᠯᠡᠬᠦ ᠬᠦᠴᠦᠨ ᠪᠣᠯᠣᠨ ᠣᠢ᠌ᠯᠠᠭ᠋ᠠᠬᠤ ᠬᠡᠮᠵᠢᠶ᠎ᠡ ᠳᠠᠰᠤᠷᠠᠯᠳᠠ ᠦᠭᠡᠢ ᠥᠷᠭᠡᠳᠴᠡᠢ᠃
ᠬᠣᠶᠠᠷ᠎ᠲᠤ᠂ ᠪᠠᠢ᠌ᠴᠠᠭ᠋ᠠᠨ ᠰᠤᠳᠤᠯᠤᠯᠲᠠ ᠬᠢᠵᠦ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠵᠢᠯᠤᠭᠤᠳᠪᠠ᠃ ᠥᠪᠥᠷ ᠮᠣᠩᠭᠣᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠨᠡᠢ᠌ᠬᠡᠮᠯᠢᠭ᠎ᠤᠨ᠎ᠬᠢᠨ ᠡᠯ᠎ᠡ ᠭᠠᠵᠠᠷ᠎ᠤᠨ ᠡᠷᠲᠡ ᠴᠢᠯᠦᠭᠡᠯᠡᠭᠳᠡᠭᠰᠡᠨ ᠣᠷᠣᠨ᠎ᠢ ᠠᠬᠢᠭᠤᠯᠬᠤ ᠨᠡᠢ᠌ᠬᠡᠮᠯᠢᠭ᠎ᠤᠨ᠎ᠬᠢᠨ᠎ᠲᠠᠢ ᠬᠠᠮᠲᠤᠷᠠᠨ ᠵᠢᠯ ᠪᠦᠷᠢ ᠡᠷᠲᠡ ᠴᠢᠯᠦᠭᠡᠯᠡᠭᠳᠡᠭᠰᠡᠨ ᠣᠷᠣᠨ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠦ᠂ ᠳᠤᠷᠠᠳᠤᠭᠰᠠᠨ ᠮᠠᠰᠢ ᠤᠯᠠᠨ ᠰᠠᠨᠠᠯ ᠰᠠᠨᠠᠭᠤᠯᠭ᠎ᠠ᠎ᠨᠢ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠩᠬᠠᠷᠤᠯ ᠪᠠ ᠨᠤᠲᠠᠯᠠᠯᠲᠠ ᠵᠢ ᠣᠯᠪᠠ᠃ ᠨᠢᠳᠤᠨᠤᠨ ᠪᠦᠬᠦ ᠣᠷᠣᠨ᠎ᠤ ᠬᠤᠪᠢᠰᠬᠠᠯ᠎ᠢ ᠠᠬᠢᠭᠤᠯᠬᠤ ᠨᠡᠢ᠌ᠭᠡᠮᠯᠢᠭ᠎ᠤᠨ ᠰᠢᠰᠲ᠋ᠧᠮ᠎ᠤᠨ᠎ᠬᠢᠨ ᠬᠤᠪᠢᠰᠬᠠᠯ᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠵᠢᠨ ᠲᠣᠭᠣᠷᠢᠨ᠎ᠳᠤ ᠪᠠᠢ᠌ᠴᠠᠭ᠋ᠠᠨ ᠰᠤᠳᠤᠯᠤᠯᠲᠠ ᠬᠢᠵᠦ᠂ 《ᠥᠪᠥᠷ ᠮᠣᠩᠭᠣᠯ᠎ᠤᠨ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠨᠡᠢ᠌ᠭᠡᠮᠯᠢᠭ᠎ᠤᠨ ᠪᠦᠬᠦ ᠣᠷᠣᠨ᠎ᠤ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠣᠳᠣᠬᠢ ᠪᠠᠢ᠌ᠳᠠᠯ ᠪᠣᠯᠣᠨ 〈ᠳᠦᠷᠢᠮ〉〉〉᠎ᠤᠨ ᠰᠠᠨᠠᠭᠤᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠮᠡᠳᠡᠭᠦᠯᠦᠯᠲᠡ》 ᠵᠢ ᠶᠡᠷᠦᠩᠬᠡᠢ᠌ᠯᠡᠨ ᠪᠠᠢ᠌ᠴᠠᠭ᠋ᠠᠨ ᠰᠤᠳᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ᠎ᠬᠢᠨ ᠵᠠᠯᠭ᠋ᠠᠭ᠎ᠠ᠎ᠪᠠᠷ ᠴᠣᠬᠣᠯᠠᠪᠤᠷᠢ ᠥᠭᠴᠦ᠂ ᠬᠣᠯᠪᠣᠭᠳᠠᠯ ᠪᠦᠬᠦᠢ ᠲᠢᠩᠬᠢᠮ ᠲᠣᠪᠴᠢᠶ᠎ᠠ᠎ᠳᠤ ᠨᠠᠢ᠌ᠳᠠᠪᠤᠷᠢᠵᠢᠭᠤᠯᠬᠤ᠎ᠪᠠᠷ ᠲᠠᠭ᠋ᠠᠭ᠋ᠠᠯᠭ᠋ᠠᠪᠠ᠃
ᠭᠤᠷᠪᠠ᠎ᠳᠤ᠂ ᠡᠷᠲᠡ ᠴᠢᠯᠦᠭᠡᠯᠡᠭᠳᠡᠭᠰᠡᠨ ᠣᠷᠣᠨ᠎ᠤ ᠬᠥᠭᠵᠢᠯ ᠮᠠᠨᠳᠤᠯ᠎ᠳᠤ ᠬᠦᠴᠦᠨ ᠨᠡᠮᠡᠷᠢᠯᠡᠪᠡ᠃ ᠡᠷᠲᠡ ᠴᠢᠯᠦᠭᠡᠯᠡᠭᠳᠡᠭᠰᠡᠨ ᠣᠷᠣᠨ᠎ᠤ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠦᠭᠵᠢᠬᠦᠯᠤᠯᠳᠡ᠂ ᠴᠢᠳᠠᠪᠤᠷᠢᠲᠠᠨ᠎ᠤ ᠬᠥᠮᠥᠵᠢᠯ᠂ ᠰᠣᠶᠣᠯ᠎ᠤᠨ ᠪᠠᠢ᠌ᠭᠤᠯᠤᠯᠲᠠ᠂ ᠠᠮᠢ ᠠᠬᠤᠢ ᠵᠢᠨ ᠬᠠᠮᠠᠭ᠋ᠠᠯᠠᠯᠲᠠ᠂ ᠨᠡᠢ᠌ᠭᠡᠮ᠎ᠤᠨ ᠵᠠᠰᠠᠯᠲᠠ᠎ᠳᠤ ᠭᠣᠣᠯᠳᠠᠯᠭ᠎ᠠ᠎ᠲᠠᠢ ᠬᠦᠴᠦ ᠨᠡᠮᠡᠷᠢᠯᠡᠵᠦ᠂ ᠪᠥᠬᠥ ᠤᠯᠤᠰ᠎ᠤᠨ ᠬᠠᠪᠰᠤᠷᠤᠨ ᠲᠡᠳᠬᠦᠬᠦ ᠲᠥᠯᠦᠪᠵᠢᠭᠦᠯᠭᠡ᠎ᠳᠤ ᠵᠢᠭᠰᠠᠭ᠋ᠠᠨ ᠣᠷᠣᠭᠤᠯᠤᠭᠰᠠᠨ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ 6 ᠬᠣᠰᠢᠭᠤ ᠰᠢᠶᠠᠨ᠎ᠳᠤ ᠭᠣᠣᠯᠳᠠᠯᠭ᠎ᠠ᠎ᠲᠠᠢ ᠲᠡᠳᠬᠦᠬᠦ᠂ ᠴᠡᠭ ᠲᠣᠭᠲᠠᠭ᠋ᠠᠨ ᠲᠡᠳᠬᠦᠬᠦ ᠠᠷᠭ᠎ᠠ ᠵᠢ ᠬᠡᠷᠡᠭᠵᠢᠬᠦᠯᠪᠡ᠃ 《ᠭᠤᠷᠪᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠬᠦᠯᠪᠡ᠂ ᠲᠤᠬᠠᠢ᠌ᠯᠠᠪᠠᠯ ᠬᠣᠰᠢᠭᠤ ᠰᠢᠶᠠᠨ (ᠬᠣᠲᠠ᠂ ᠲᠣᠭᠣᠷᠢᠭ)᠎ᠤ ᠨᠠᠰᠤᠲᠠᠢ᠌ᠴᠤᠳ᠎ᠢ ᠠᠬᠢᠭᠤᠯᠬᠤ ᠨᠡᠢ᠌ᠬᠡᠮᠯᠢᠭ᠎ᠤᠨ᠎ᠬᠢᠨ 《ᠨᠢᠭᠡ ᠲᠣᠰᠬᠣᠨ ᠨᠢᠭᠡ ᠲᠥᠷᠥᠯ ᠵᠦᠢ᠍ᠯ》᠎ᠤᠨ ᠢᠨᠵᠧᠨᠧᠷᠢᠩ᠎ᠢ ᠴᠢᠷᠮᠠᠢ᠌ᠨ ᠲᠡᠬᠦᠯᠳᠡᠷᠵᠢᠬᠦᠯᠪᠡ᠃ ᠠᠢ᠌ᠮᠠᠭ ᠬᠣᠲᠠ ᠵᠢᠨ ᠨᠠᠰᠤᠲᠠᠢ᠌ᠴᠤᠳ᠎ᠢ ᠠᠬᠢᠭᠤᠯᠬᠤ ᠨᠡᠢ᠌ᠭᠡᠮᠯᠢᠭ᠎ᠨᠢ ᠪᠣᠳᠠᠲᠤ ᠬᠦᠴᠦᠨ᠎ᠲᠠᠢ ᠬᠥᠲᠥᠴᠢ ᠠᠵᠤ ᠠᠬᠤᠢ᠌ᠯᠠᠯ᠎ᠢ ᠭᠣᠣᠯᠳᠠᠯᠭ᠎ᠠ᠎ᠲᠠᠢ ᠳᠠᠶ᠋ᠢᠴᠢᠯᠠᠵᠤ᠂ 《ᠨᠢᠭᠡ ᠰᠢᠶᠠᠨ ᠨᠢᠭᠡ ᠠᠵᠤ ᠦᠢ᠍ᠯᠡᠰ》᠎ᠤᠨ ᠢᠨᠵᠧᠨᠧᠷᠢᠩ᠎ᠢ ᠠᠬᠢᠭᠤᠯᠬᠤ ᠵᠢᠨ ᠬᠠᠮᠲᠤ 《ᠨᠢᠭᠡ ᠲᠣᠰᠬᠣᠨ ᠨᠢᠭᠡ ᠲᠥᠷᠥᠯ ᠵᠦᠢ᠍ᠯ》᠎ᠤᠨ ᠢᠨᠵᠧᠨᠧᠷᠢᠩ᠎ᠤᠨ ᠵᠢᠱ᠌ᠢᠶ᠎ᠡ ᠦᠵᠡᠭᠦᠯᠬᠦ ᠪᠠ ᠵᠢᠯᠤᠭᠣᠳᠬᠤ ᠵᠢ ᠬᠠᠮᠲᠤᠳᠤᠨᠢ ᠬᠠᠷᠠᠭ᠋ᠠᠯᠵᠠᠪᠠ᠃ ᠥᠪᠥᠷ ᠮᠣᠩᠭᠣᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠨᠡᠢ᠌ᠬᠡᠮᠯᠢᠭ᠎ᠤᠨ᠎ᠬᠢᠨ ᠨᠠᠷᠠᠲᠤ ᠲᠥᠷᠥᠯ ᠲᠡᠮᠳᠡᠭᠲᠦ ᠵᠢᠨ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠲᠠᠢ ᠬᠠᠷᠢᠯᠴᠠᠬᠤ ᠪᠠ ᠵᠢᠯᠤᠭᠣᠳᠬᠤ᠎ᠪᠠᠷ ᠭᠣᠣᠯᠳᠠᠯᠭ᠎ᠠ ᠪᠣᠯᠭ᠋ᠠᠵᠤ᠂ 《ᠨᠢᠭᠡ ᠨᠠᠷᠠᠲᠤ ᠲᠥᠷᠥᠯ ᠲᠡᠮᠳᠡᠭᠲᠦ᠎ᠪᠠᠷ ᠨᠢᠭᠡ ᠠᠵᠤ ᠦᠢ᠍ᠯᠡᠰ᠎ᠤᠨ ᠪᠦᠰᠡ ᠵᠢ ᠳᠠᠢ᠌ᠴᠢᠯᠠᠬᠤ》 ᠢᠨᠵᠧᠨᠧᠷᠢᠩ᠎ᠢ ᠲᠡᠬᠦᠯᠳᠡᠷᠵᠢᠬᠦᠯᠬᠦ ᠵᠢᠨ ᠬᠠᠮᠳᠤ 《ᠲᠦᠮᠡᠨ ᠠᠵᠤ ᠠᠬᠤᠢ᠌ᠯᠠᠯ ᠵᠶ᠋ᠠᠷ ᠲᠦᠮᠡᠨ ᠲᠣᠰᠬᠣᠨ᠎ᠢ ᠮᠠᠨᠳᠤᠭᠤᠯᠬᠤ》 ᠠᠵᠢᠯᠯᠠᠭ᠎ᠠ ᠵᠢ ᠠᠬᠢᠭᠤᠯᠬᠤ᠂ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠴᠣᠭᠴᠠᠯᠠᠬᠤ᠂ ᠲᠦᠷᠦᠯ ᠲᠡᠮᠳᠡᠭ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠂ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠪᠣᠯᠣᠨ ᠲᠡᠷᠢᠭᠦᠨ᠎ᠤ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠬᠦ ᠠᠵᠢᠯᠯᠠᠭ᠎ᠠ᠎ᠳᠤ᠎ᠳᠤ ᠣᠷᠣᠯᠴᠠᠵᠤ᠂ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ ᠵᠢ ᠤᠯᠠᠨ ᠠᠷᠭ᠎ᠠ᠎ᠪᠠᠷ ᠠᠬᠢᠭᠤᠯᠵᠤ ᠪᠠᠢ᠌ᠨ᠎ᠠ᠃