ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠵᠢᠯᠤᠭᠣᠳᠬᠤ ᠥᠷᠲᠡᠭᠡ ᠵᠢᠨ᠎ᠬᠢᠨ ᠥᠪᠥᠷ ᠮᠣᠩᠭᠣᠯ᠎ᠤᠨ ᠮᠡᠳᠡᠭᠡ ᠵᠠᠩᠭᠢ ᠵᠢᠨ ᠮᠡᠷᠭᠡᠵᠢᠯ᠎ᠤᠨ ᠨᠡᠢ᠌ᠬᠡᠮᠯᠢᠭ᠎ᠲᠤ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2023-07-31

   ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠬᠦᠭᠵᠢᠬᠡᠬᠦ ᠵᠢᠨ ᠲᠦᠯᠤᠬᠡ 7 ᠳ᠋ᠤᠭ᠋ᠠᠷ ᠰᠠᠷ᠎ᠠ ᠵᠢᠨ ᠳᠤᠮᠳᠠᠴᠢ᠎ᠪᠠᠷ ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠯᠪᠠᠨ ᠭᠡᠷ᠎ᠤᠨ ᠰᠢᠨ᠎ᠡ ᠬᠤᠳᠠ ᠲᠣᠭᠣᠷᠢᠭ᠎ᠲᠤ ᠰᠠᠭᠤᠭ᠎ᠠ ᠠᠵᠢᠯ᠎ᠤᠨ ᠦᠷᠳᠡᠭᠡ ᠵᠢᠨ ᠠᠵᠢᠯᠲᠠᠳ ᠥᠪᠥᠷ ᠮᠣᠩᠭᠣᠯ᠎ᠤᠨ ᠮᠡᠳᠡᠭᠡ ᠵᠠᠩᠭᠢ ᠵᠢᠨ ᠮᠡᠷᠭᠡᠵᠢᠯ᠎ᠤᠨ ᠨᠡᠢ᠌ᠭᠡᠮᠯᠢᠭ᠎ᠲᠤ ᠭᠦᠨᠵᠡᠭᠡᠢ᠌ᠷᠡᠵᠦ᠂ ᠨᠠᠮ᠎ᠤᠨ ᠪᠠᠢ᠌ᠭᠤᠯᠤᠯᠲᠠ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠳᠠᠭ᠋ᠠᠭᠤᠯᠬᠤ ᠲᠤᠬᠠᠢ ᠶᠠᠷᠢᠯᠴᠠᠬᠤ ᠬᠤᠷᠠᠯ ᠰᠣᠯᠢᠯᠴᠠᠭ᠎ᠠ ᠥᠷᠨᠢᠭᠦᠯᠵᠦ᠂ ᠥᠪᠥᠷ ᠮᠣᠩᠭᠣᠯ᠎ᠤᠨ ᠮᠡᠳᠡᠭᠡ ᠵᠠᠩᠭᠢ ᠵᠢᠨ ᠮᠡᠷᠭᠡᠵᠢᠯ᠎ᠤᠨ ᠨᠡᠢ᠌ᠭᠡᠮᠯᠢᠭ᠎ᠤᠨ ᠨᠠᠮ᠎ᠤᠨ ᠡᠭᠦᠷ᠎ᠤᠨ ᠱᠦᠵᠢ ᠪᠣᠯᠣᠨ ᠨᠡᠢ᠌ᠭᠡᠮᠯᠢᠭ᠎ᠤᠨ ᠳᠠᠷᠤᠭ᠎ᠠ ᠨᠠᠷ ᠬᠤᠷᠠᠯ᠎ᠳᠤ ᠤᠷᠤᠯᠴᠠᠬᠰᠠᠨ ᠪᠠᠢ᠌ᠨ᠎ᠠ᠃

W020230728439297811226.png


   ᠶᠠᠷᠢᠯᠴᠠᠬᠤ ᠬᠤᠷᠠᠯ ᠳᠡᠭᠡᠷ᠎ᠡ ᠤᠯᠠᠨ ᠵᠶ᠋ᠠᠷ ᠵᠶ᠋ᠠᠨ 《ᠰᠢ ᠵᠢᠨ ᠫᠢᠡᠭ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠭᠰᠠᠨ ᠦᠶ᠎ᠡ ᠵᠢᠨ ᠭᠣᠢ᠌ᠳᠠ ᠰᠠᠢ᠌ᠬᠠᠨ ᠬᠡᠰᠡᠭ》 ᠨᠡᠪᠳᠡᠷᠡᠬᠦᠯᠬᠡ ᠵᠢ ᠬᠦᠯᠢᠶᠡᠨ ᠠᠪᠴᠤ ᠦᠵᠡᠵᠤ᠂ ᠰᠢ ᠵᠢᠨ ᠫᠢᠡᠭ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠵᠢ ᠲᠠᠬᠢᠨᠳᠠ  ᠰᠤᠷᠤᠯᠴᠠᠪᠠ᠃ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠵᠢᠯᠣᠭᠣᠳᠤᠭᠴᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠭᠰᠠᠨ ᠪᠥᠭᠡᠳ ᠥᠪᠥᠷ ᠮᠣᠩᠭᠣᠯ᠎ᠤᠨ ᠮᠡᠳᠡᠭᠡ ᠵᠠᠩᠭᠢ ᠵᠢᠨ ᠮᠡᠷᠭᠡᠵᠢᠯ᠎ᠤᠨ ᠨᠡᠢ᠌ᠬᠡᠮᠯᠢᠭ᠎ᠲᠤ ᠨᠠᠮ᠎ᠤᠨ ᠪᠠᠢ᠌ᠭᠤᠯᠤᠯᠲᠠ ᠵᠢᠨ ᠲᠤᠬᠠᠢ ᠰᠤᠷᠤᠯᠴᠠᠬᠤ ᠬᠡᠰᠡᠭ ᠮᠠᠲ᠋ᠧᠷᠢᠶᠠᠯ᠎ᠢ ᠬᠦᠷᠭᠡᠪᠡ᠃
   ᠥᠪᠥᠷ ᠮᠣᠩᠭᠣᠯ᠎ᠤᠨ ᠮᠡᠳᠡᠭᠡ ᠵᠠᠩᠭᠢ ᠵᠢᠨ ᠮᠡᠷᠭᠡᠵᠢᠯ᠎ᠤᠨ ᠨᠡᠢ᠌ᠭᠡᠮᠯᠢᠭ᠎ᠤᠨ ᠨᠠᠮ᠎ᠤᠨ ᠡᠭᠦᠷ᠎ᠤᠨ ᠱᠦᠵᠢ ᠸᠠᠩ ᠱ᠌ᠢ ᠰᠢᠶᠦᠢ᠌ᠩ 《ᠨᠠᠮ᠎ᠤᠨ ᠪᠠᠢ᠌ᠭᠤᠯᠤᠯᠲᠠ᠎ᠪᠠᠷ ᠨᠡᠢ᠌ᠭᠡᠮᠯᠢᠭ᠎ᠤᠨ ᠪᠠᠢ᠌ᠭᠤᠯᠤᠯᠲᠠ ᠵᠢ ᠳᠠᠭ᠋ᠠᠭᠤᠯᠵᠤ᠂ ᠨᠡᠢ᠌ᠭᠡᠮᠯᠢᠭ᠎ᠤᠨ ᠨᠡᠩ ᠰᠠᠢ᠌ᠨ ᠬᠥᠭᠵᠢᠯᠲᠡ ᠵᠢ ᠠᠬᠢᠭᠤᠯᠤᠶ᠎ᠠ》 ᠭᠡᠬᠦ ᠶᠠᠷᠢᠶ᠎ᠠ ᠲᠠᠯᠪᠢᠵᠠᠢ᠃ ᠨᠠᠮ᠎ᠤᠨ ᠭᠡᠰᠢᠭᠦᠨ ᠲᠥᠯᠥᠭᠡᠯᠡᠭᠴᠢ ᠸᠸᠨ ᠶᠦᠩ ᠴᠢᠩ ᠨᠠᠮ᠎ᠤᠨ ᠡᠭᠦᠷ᠎ᠤᠨ ᠪᠡᠬᠢᠯᠡᠯᠲᠡ ᠵᠢᠨ ᠦᠢ᠍ᠯᠡᠳᠦᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠣᠪᠣᠷ ᠵᠶ᠋ᠠᠨ ᠢᠯᠡᠳᠬᠡᠬᠦ ᠶᠠᠷᠢᠶ᠎ᠠ ᠲᠠᠯᠪᠢᠵᠠᠢ᠃
   ᠬᠠᠮᠤᠭ ᠰᠡᠭᠦᠯ᠎ᠳᠤ ᠣᠯᠠᠨ ᠵᠶ᠋ᠠᠷ ᠵᠶ᠋ᠠᠨ᠄ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ᠎ᠬᠢ ᠳᠣᠲᠣᠨᠣ ᠬᠠᠯᠠᠮᠵᠢᠯᠠᠯ ᠪᠠ ᠴᠢᠩ ᠰᠡᠳᠬᠢᠯ᠎ᠤᠨ ᠨᠠᠶ᠋ᠢᠳᠠᠯᠭ᠎ᠠ ᠵᠢ ᠨᠡᠢ᠌ᠭᠡᠮᠯᠢᠭ᠎ᠤᠨ ᠠᠵᠢᠯ ᠬᠢᠵᠦ ᠦᠢ᠍ᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠨᠠᠮ᠎ᠤᠨ ᠪᠠᠢ᠌ᠭᠤᠯᠤᠯᠲᠠ ᠵᠢ ᠨᠡᠢ᠌ᠭᠡᠮᠯᠢᠭ᠎ᠤᠨ ᠲᠤᠬᠠᠢ᠌ᠯᠠᠭᠰᠠᠨ ᠠᠵᠢᠯ᠎ᠤᠨ ᠪᠠᠢ᠌ᠭᠤᠯᠤᠯᠲᠠ᠎ᠯᠤᠭ᠎ᠠ ᠠᠭᠤᠰᠤᠯᠴᠠᠭᠤᠯᠵᠤ᠂ ᠨᠡᠢ᠌ᠭᠡᠮᠯᠢᠭ᠎ᠤᠨ ᠡᠭᠦᠷᠭᠡ ᠴᠢᠳᠠᠪᠬᠢ ᠵᠢᠨ ᠦᠢ᠍ᠯᠡᠳᠦᠯ᠎ᠢ ᠦᠨᠡᠨ ᠬᠦ᠌ ᠰᠠᠢ᠌ᠲᠤᠷ ᠪᠠᠳᠠᠷᠠᠭᠤᠯᠵᠤ᠂ 《ᠬᠣᠶᠠᠷ ᠶᠡᠬᠡ ᠶᠠᠪᠤᠳᠠᠯ》 ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠲᠥᠪᠯᠡᠷᠡᠭᠦᠯᠵᠦ᠂ ᠵᠠᠰᠠᠭ᠎ᠤᠨ ᠣᠷᠳᠣᠨ᠂ ᠠᠵᠤ ᠠᠬᠤᠢ᠌ᠯᠠᠯ ᠪᠣᠯᠣᠨ ᠭᠡᠰᠢᠭᠦᠳ᠎ᠲᠤ ᠨᠡᠩ ᠳᠥᠭᠥᠮ ᠳᠥᠲᠡ ᠳᠣᠲᠣᠨᠣ ᠦᠢ᠍ᠯᠡᠴᠢᠯᠡᠭᠡ ᠬᠠᠩᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠠᠢ᠌ᠪᠠᠰᠤ ᠵᠣᠬᠢᠬᠤ ᠬᠦᠴᠦᠨ ᠴᠢᠳᠠᠯ ᠵᠶ᠋ᠠᠨ ᠡᠷᠬᠦᠨ᠎ᠡ ᠬᠡᠵᠡᠬᠡᠪᠡ᠃






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ᠎ᠬᠢᠨ ᠭᠠᠮᠰᠢᠬᠳᠠᠬᠰᠠᠨ ᠤᠷᠤᠨ᠎ᠢ ᠲᠦᠷᠬᠡᠨ ᠲᠡᠮᠵᠢᠵᠤ ᠬᠠᠷᠢᠭᠤᠴᠠᠯᠭ᠎ᠠ ᠡᠬᠦᠷᠬᠡᠯᠡᠯ ᠵᠶ᠋ᠡᠨ ᠢᠯᠡᠷᠡᠬᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠠᠲᠤᠬᠠᠭ᠋ᠠᠯᠭ᠎ᠠ ᠵᠢᠨ ᠳᠤᠮᠳᠠᠳᠤ ᠰᠤᠷᠭ᠋ᠠᠭᠤᠯᠢ᠎ᠳᠤ ᠰᠤᠷᠤᠯᠭ᠎ᠠ ᠵᠢ ᠲᠤᠰᠠᠯᠠᠬᠤ ᠬᠠᠨᠳᠢᠪ ᠡᠷᠬᠦᠬᠦ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠥᠬᠡᠬᠣᠲᠠ᠎ᠳᠤ 2023 ᠣᠨ᠎ᠤ ᠪᠥᠬᠥ ᠣᠷᠣᠨ᠎ᠤ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠪᠣᠯᠪᠠᠰᠤᠷᠠᠯ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠴᠢᠨᠠᠷᠯᠢᠭ ᠬᠥᠭᠵᠢᠯᠲᠡ᠎ᠳᠤ ᠦᠢ᠍ᠯᠡᠴᠢᠯᠡᠬᠦ ᠲᠤᠰᠬᠠᠢ ᠠᠵᠢᠯᠯᠠᠭ᠎ᠠ ᠦᠷᠨᠢᠬᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠯᠠᠭ᠋ᠠᠨᠬᠠᠳᠠ ᠬᠣᠲᠠ᠎ᠳᠤ 2023 ᠣᠨ᠎ᠤ ᠪᠥᠬᠥ ᠣᠷᠣᠨ᠎ᠤ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠠᠵᠢᠯ᠎ᠤᠨ ᠪᠣᠯᠪᠠᠰᠤᠷᠠᠯ ᠡᠷᠭᠢᠯᠡᠪᠡ
 
            