ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ᠎ᠤ ᠵᠣᠬᠢᠴᠠᠭᠤᠯᠭ᠎ᠠ᠎ᠪᠠᠷ ᠥᠪᠥᠷ ᠮᠣᠩᠭᠣᠯ᠎ᠤᠨ ᠬᠤᠪᠢᠰᠬᠠᠯ᠎ᠤᠨ ᠰᠣᠶᠣᠯ᠎ᠢ ᠤᠯᠠᠮᠵᠢᠯᠠᠨ ᠬᠥᠭᠵᠢᠭᠦᠯᠬᠦ ᠰᠠᠭᠤᠷᠢ ᠮᠥᠩᠭᠥᠨ᠎ᠤ ᠨᠡᠢ᠌ᠭᠡᠮᠯᠢᠭ᠎ᠤᠨ᠎ᠬᠢᠨ 8 ᠳ᠋ᠤᠭ᠋ᠠᠷ ᠰᠠᠷ᠎ᠠ ᠵᠢᠨ 13᠎ᠤ ᠡᠳᠦᠷ ᠪᠤᠭᠤᠲᠤ ᠬᠣᠲᠠ ᠵᠢᠨ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠪᠠᠲᠤᠬᠠᠭ᠋ᠠᠯᠭ᠎ᠠ ᠵᠢᠨ ᠳᠤᠮᠳᠠᠳᠤ ᠰᠤᠷᠭ᠋ᠠᠭᠤᠯᠢ᠎ᠳᠤ 10 ᠲᠦᠮᠡᠨ ᠲᠥᠭᠥᠷᠢᠭ ᠬᠠᠨᠳᠢᠪᠯᠡᠵᠤ ᠰᠤᠷᠤᠯᠭ᠎ᠠ ᠵᠢ ᠲᠡᠳᠬᠦᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠭᠡᠮ᠎ᠤᠨ ᠠᠵᠢᠯ᠎ᠤᠨ ᠭᠠᠵᠠᠷ᠂ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠪᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠥᠪᠥᠷ ᠮᠣᠩᠭᠣᠯ᠎ᠤᠨ ᠬᠤᠪᠢᠰᠬᠠᠯ᠎ᠤᠨ ᠰᠣᠶᠣᠯ᠎ᠢ ᠤᠯᠠᠮᠵᠢᠯᠠᠨ ᠬᠥᠭᠵᠢᠭᠦᠯᠬᠦ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠶᠣᠰᠣᠯᠠᠯ᠎ᠳᠤ ᠣᠷᠣᠯᠴᠠᠪᠠ᠃

ᠶᠣᠰᠣᠯᠠᠯ ᠳᠡᠭᠡᠷ᠎ᠡ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠳᠡᠳ᠋ ᠳᠠᠷᠤᠭ᠎ᠠ ᠯᠢ ᠵᠢᠶᠸ ᠪᠣᠯᠣᠨ ᠪᠠᠲᠤᠬᠠᠭ᠋ᠠᠯᠭ᠎ᠠ ᠵᠢᠨ ᠳᠤᠮᠳᠠᠳᠤ ᠰᠤᠷᠭ᠋ᠠᠭᠤᠯᠢ ᠵᠢᠨ ᠵᠠᠬᠢᠷᠤᠯ ᠵᠠᠩ ᠯᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠥᠪᠥᠷ ᠮᠣᠩᠭᠣᠯ᠎ᠤᠨ ᠬᠤᠪᠢᠰᠬᠠᠯ᠎ᠤᠨ ᠰᠣᠶᠣᠯ᠎ᠢ ᠤᠯᠠᠮᠵᠢᠯᠠᠨ ᠬᠥᠭᠵᠢᠭᠦᠯᠬᠦ ᠰᠠᠭᠤᠷᠢ ᠮᠥᠩᠭᠥᠨ᠎ᠤ ᠨᠡᠢ᠌ᠭᠡᠮᠯᠢᠭ ᠪᠠ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠰᠤᠷᠭ᠋ᠠᠨ ᠬᠥᠮᠦᠵᠢᠯ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠨ᠎ᠳᠤ ᠴᠢᠩ ᠰᠡᠳᠬᠢᠯ᠎ᠤᠨ ᠲᠠᠯᠠᠷᠬᠠᠯ ᠢᠯᠡᠷᠬᠡᠢ᠌ᠯᠡᠭᠰᠡᠨ᠎ᠤ ᠬᠠᠮᠲᠤ᠂ ᠨᠠᠩ ᠣᠯᠠᠨ ᠬᠠᠢ᠌ᠷ᠎ᠠ ᠬᠠᠯᠠᠮᠵᠢ ᠬᠦᠷᠲᠡᠭᠡᠬᠦ ᠬᠦᠴᠦᠨ᠎ᠢ ᠰᠤᠷᠤᠯᠭ᠎ᠠ ᠵᠢ ᠲᠡᠳᠬᠦᠬᠦ ᠡᠩᠨᠡᠭᠡᠨ᠎ᠳᠤ ᠣᠷᠣᠭᠤᠯᠵᠤ᠂ ᠲᠤᠬᠠᠢ ᠵᠢᠨ ᠭᠠᠵᠠᠷ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢᠨ ᠲᠦᠪᠰᠢᠨ᠎ᠢ ᠬᠠᠮᠲᠤ᠎ᠪᠠᠷ ᠳᠡᠭᠡᠭᠰᠢᠯᠡᠭᠦᠯᠬᠦ ᠵᠢ ᠬᠦᠰᠡᠵᠦ ᠪᠠᠢ᠌ᠨ᠎ᠠ ᠭᠡᠵᠡᠢ᠃ ᠥᠪᠥᠷ ᠮᠣᠩᠭᠣᠯ᠎ᠤᠨ ᠬᠤᠪᠢᠰᠬᠠᠯ᠎ᠤᠨ ᠰᠣᠶᠣᠯ᠎ᠢ ᠤᠯᠠᠮᠵᠢᠯᠠᠨ ᠬᠥᠭᠵᠢᠭᠦᠯᠬᠦ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠨᠠᠷᠢᠨ ᠪᠢᠴᠢᠭ᠎ᠤᠨ ᠳᠠᠷᠤᠭ᠎ᠠ ᠴᠧᠨ ᠶᠠᠩ ᠢᠯᠡᠷᠬᠡᠢ᠌ᠯᠡᠬᠦ᠎ᠳᠤ᠎ᠪᠠᠨ᠂ ᠰᠠᠭᠤᠷᠢ ᠮᠥᠩᠭᠥᠨ᠎ᠤ ᠨᠡᠢ᠌ᠭᠡᠮᠯᠢᠭ᠎ᠤᠨ᠎ᠬᠢᠨ ᠨᠠᠮ᠎ᠤᠨ ᠤᠳᠤᠷᠢᠳᠤᠯᠭ᠎ᠠ ᠳᠣᠣᠷ᠎ᠠ ᠲᠣᠰ ᠪᠡᠶ᠎ᠡ ᠵᠢᠨ ᠳᠠᠪᠠᠭᠤᠯᠢᠭ ᠵᠶ᠋ᠠᠨ ᠦᠷᠭᠦᠯᠵᠢᠯᠡᠨ ᠪᠠᠳᠠᠷᠠᠭᠤᠯᠵᠤ᠂ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠨ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠡᠭᠦᠷᠭᠡᠯᠡᠵᠦ ᠪᠠᠢ᠌ᠭ᠎ᠠ ᠨᠡᠢ᠌ᠭᠡᠮ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠪᠥᠬᠥ ᠨᠡᠢ᠌ᠭᠡᠮ᠎ᠤᠨ ᠬᠦᠴᠦᠨ᠎ᠢ ᠨᠢᠭᠲᠠᠷᠠᠭᠤᠯᠤᠨ ᠮᠠᠨ᠎ᠤ ᠣᠷᠣᠨ᠎ᠤ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠳᠡᠮᠵᠢᠨ᠎ᠡ ᠭᠡᠵᠡᠢ᠃