ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠡᠮᠡᠭᠲᠡᠢ᠌ᠴᠦᠳ᠎ᠤᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠨᠡᠢ᠌ᠭᠡᠮᠯᠢᠭ᠎ᠤᠨ᠎ᠬᠢᠨ ᠬᠠᠮᠵᠢᠨ ᠡᠷᠭᠢᠯᠡᠭᠰᠡᠨ 2023 ᠣᠨ᠎ᠤ ᠪᠥᠬᠥ ᠣᠷᠣᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠪᠣᠯᠪᠠᠰᠤᠷᠠᠯ 8 ᠳ᠋ᠤᠭ᠋ᠠᠷ ᠰᠠᠷ᠎ᠠ ᠵᠢᠨ 3᠎ᠤ ᠡᠳᠦᠷ ᠬᠥᠬᠡᠬᠣᠲᠠ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠥᠩ ᠸᠧᠢ ᠴᠦᠨ ᠪᠤᠯᠪᠠᠰᠤᠷᠠᠯ ᠡᠬᠢᠯᠡᠬᠦ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠡᠮᠡᠭᠲᠡᠢ᠌ᠴᠦᠳ᠎ᠤᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠨᠡᠢ᠌ᠭᠡᠮᠯᠢᠭ᠎ᠤᠨ ᠳᠠᠷᠤᠭ᠎ᠠ ᠯᠢᠶᠠᠨ ᠬᠤᠸᠠ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ ᠵᠢᠨ ᠵᠠᠯᠠᠭᠤᠴᠤᠳ᠎ᠤᠨ ᠨᠡᠢ᠌ᠭᠡᠮᠯᠢᠭ᠎ᠤᠨ ᠲᠥᠪ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠭᠡᠮ᠎ᠤᠨ ᠠᠵᠢᠯ᠎ᠤᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠦᠢ᠍ᠯᠡᠴᠢᠯᠡᠭᠡᠨ᠎ᠤ ᠲᠥᠪ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠭᠡᠮ᠎ᠤᠨ ᠠᠵᠢᠯ᠎ᠤᠨ ᠭᠠᠵᠠᠷ᠎ᠤᠨ ᠳᠡᠳ᠋ ᠳᠠᠷᠤᠭ᠎ᠠ ᠴᠧᠨ ᠤᠯᠠᠭ᠋ᠠᠨ ᠪᠤᠯᠪᠠᠰᠤᠷᠠᠯ ᠡᠬᠢᠯᠡᠬᠦ ᠶᠣᠰᠣᠯᠠᠯ᠎ᠢ ᠡᠷᠭᠢᠯᠡᠪᠡ᠃
ᠬᠥᠩ ᠸᠧᠢ ᠴᠦᠨ ᠵᠢᠭ᠋ᠠᠬᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠡᠭᠡᠳᠦ ᠬᠡᠮᠵᠢᠶᠡᠨ᠎ᠤ ᠴᠢᠬᠤᠯᠠᠴᠢᠯᠠᠭ᠎ᠠ᠎ᠪᠠᠷ ᠪᠥᠬᠥ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠬᠠᠤᠯᠢ ᠲᠣᠭᠲᠠᠭ᠋ᠠᠯ ᠳᠦᠷᠢᠮ᠎ᠢ ᠴᠢᠩᠭ᠋ᠠᠳᠬᠠᠬᠤ᠂ ᠠᠵᠢᠯ᠎ᠤᠨ ᠲᠣᠭᠲᠠᠴᠠ ᠵᠢ ᠪᠦᠷᠢᠨᠰᠢᠭᠦᠯᠬᠦ ᠪᠠ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠭᠣᠣᠯᠯᠠᠭᠤᠯᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠪᠠᠨ ᠦᠨᠡᠨ ᠬᠦ᠌ ᠬᠦᠢ᠍ᠴᠡᠳᠬᠡᠪᠡ᠃ ᠪᠥᠬᠥ ᠣᠷᠣᠨ᠎ᠤ ᠦᠨᠡᠨ ᠨᠡᠷ᠎ᠡ᠎ᠪᠠᠷ ᠵᠶ᠋ᠡᠨ ᠳᠠᠩᠰᠠᠯᠠᠭᠤᠯᠤᠭᠰᠠᠨ ᠰᠠᠢ᠌ᠨ ᠲᠤᠷᠠᠴᠤᠤᠯ 320 ᠲᠦᠮᠡᠨ ᠬᠥᠮᠥᠨ᠂ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ 323᠂ ᠪᠦᠯᠬᠦᠮ ᠨᠡᠶ᠋ᠢᠲᠡ 1.6 ᠲᠦᠮᠡ᠂ ᠦᠢ᠍ᠯᠡᠴᠢᠯᠡᠭᠡᠨ᠎ᠤ ᠥᠷᠲᠡᠭᠡ 1.2 ᠲᠦᠮᠡ ᠪᠠᠢ᠌ᠨ᠎ᠠ᠃ ᠡᠯ᠎ᠡ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ (ᠪᠦᠯᠬᠦᠮ ᠨᠡᠶ᠋ᠢᠲᠡ)᠎ᠨᠢ 《ᠨᠠᠰᠤᠳᠠᠢ᠌ᠴᠤᠳ ᠬᠡᠤᠬᠡᠳ ᠬᠦᠴᠢᠷᠳᠡᠯᠳᠡᠢ᠌ᠴᠤᠳ ᠵᠡᠮᠳᠡᠭᠴᠤᠳ》᠂ ᠦᠨᠳᠦᠰᠦᠨ ᠱᠠᠲᠤᠨ᠎ᠤ ᠵᠠᠰᠠᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ 7.06 ᠲᠦᠮᠡᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠨᠡᠶ᠋ᠢᠲᠡ 3600 ᠲᠦᠮᠡᠨ ᠴᠠᠭ᠎ᠢ ᠳᠠᠪᠠᠵᠤ᠂ ᠮᠠᠨ᠎ᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ᠂ ᠨᠡᠢ᠌ᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠬᠦ ᠵᠢ ᠠᠬᠢᠭᠤᠯᠬᠤ᠂ ᠨᠡᠢ᠌ᠭᠡᠮ᠎ᠤᠨ ᠡᠶ᠎ᠡ ᠵᠣᠬᠢᠴᠠᠯ᠎ᠲᠠᠢ ᠲᠣᠭᠲᠠᠭᠤᠨ᠎ᠢ ᠬᠠᠮᠠᠭ᠋ᠠᠯᠠᠬᠤ᠎ᠳᠤ ᠴᠢᠬᠤᠯᠠ ᠦᠢ᠍ᠯᠡᠳᠦᠯ ᠪᠠᠳᠠᠷᠠᠭᠤᠯᠪᠠ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠠ ᠡᠯ᠎ᠡ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ (ᠪᠦᠯᠬᠦᠮ) ᠵᠢᠨ᠎ᠬᠢᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠠᠵᠢᠯ᠎ᠢ ᠰᠠᠢ᠌ᠲᠤᠷ ᠬᠢᠬᠦ ᠤᠯᠤᠰ ᠲᠥᠷᠥ ᠵᠢᠨ ᠤᠬᠠᠮᠰᠠᠷ ᠪᠠ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠵᠥᠪ ᠴᠢᠭᠯᠡᠯ᠎ᠢ ᠪᠠᠷᠢᠮᠲᠠᠯᠠᠬᠤ᠂ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠂ ᠲᠠᠪᠴᠠᠩ᠎ᠤᠨ ᠪᠠᠢ᠌ᠭᠤᠯᠤᠯᠲᠠ ᠵᠢ ᠲᠦᠷᠭᠡᠳᠬᠡᠬᠦ᠂ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠮᠠᠨ᠎ᠤ ᠣᠷᠣᠨ᠎ᠤ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠢ᠌ᠲᠤᠷ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠬᠦ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃
ᠪᠣᠯᠪᠠᠰᠤᠷᠠᠯ ᠲᠡᠬᠡᠷ᠎ᠡ ᠰᠠᠢ᠌ᠨ ᠲᠤᠷᠠᠴᠤᠤᠯ᠎ᠤᠨ ᠦᠢ᠍ᠯᠡᠴᠢᠯᠡᠭᠡ ᠵᠢ ᠵᠢᠷᠤᠮᠵᠢᠭᠤᠯᠤᠨ ᠬᠠᠮᠢᠶᠠᠷᠬᠤ ᠪᠠ ᠳᠦᠷᠢᠮᠵᠢᠭᠦᠯᠬᠦ᠂ ᠮᠡᠳᠡᠭᠡ ᠵᠠᠩᠭᠢᠵᠢᠭᠤᠯᠬᠤ ᠪᠠᠢ᠌ᠭᠤᠯᠤᠯᠲᠠ ᠵᠡᠷᠭᠡ ᠠᠭᠤᠯᠭ᠎ᠠ᠎ᠳᠤ ᠴᠢᠭᠯᠡᠭᠦᠯᠦᠨ᠂ ᠠᠷᠠᠳ᠎ᠤᠨ ᠶᠠᠪᠤᠳᠠᠯ᠎ᠤᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠪᠤᠯᠤᠨ ᠪᠣᠯᠪᠠᠰᠤᠷᠠᠯ᠎ᠤᠨ ᠪᠠᠢ᠌ᠭᠤᠯᠤᠮᠵᠢ ᠵᠢᠨ ᠲᠤᠰᠬᠠᠢ ᠮᠡᠷᠭᠡᠵᠢᠯᠲᠡᠨ ᠫᠷᠤᠹᠥᠰᠰᠤᠷᠢ ᠤᠷᠢᠵᠤ᠂ ᠭᠣᠣᠯ ᠰᠡᠳᠦᠪᠲᠦ ᠬᠥᠮᠦᠵᠢᠯ᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠪᠣᠯᠣᠨ ᠦᠢ᠍ᠯᠡᠳᠦᠯᠭᠡ ᠵᠢᠨ ᠵᠢᠱ᠌ᠢᠶ᠎ᠡ᠎ᠲᠠᠢ ᠤᠶᠠᠯᠳᠤᠭᠤᠯᠤᠨ ᠲᠤᠰᠬᠠᠢ ᠰᠡᠳᠦᠪᠲᠦ ᠵᠢᠭ᠋ᠠᠨ ᠰᠤᠷᠭ᠋ᠠᠯᠲᠠ ᠬᠢᠵᠦ᠂ ᠪᠣᠯᠪᠠᠰᠤᠷᠠᠯ᠎ᠳᠤ ᠣᠷᠣᠯᠴᠠᠭᠰᠠᠳ᠎ᠤᠨ ᠰᠠᠢ᠌ᠨ ᠦᠨᠡᠯᠡᠯᠲᠡ ᠵᠢ ᠣᠯᠵᠠᠢ᠃
2 ᠬᠨᠤᠨᠤᠭᠤᠨ ᠪᠤᠯᠪᠠᠰᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠭᠡᠮ᠎ᠤᠨ ᠠᠵᠢᠯ᠎ᠤᠨ ᠭᠠᠵᠠᠷ᠎ᠤᠨ ᠬᠠᠮᠢᠶ᠎ᠠ ᠪᠦᠬᠦᠢ ᠨᠥᠬᠥᠳ᠂ ᠡᠯ᠎ᠡ ᠠᠢ᠌ᠮᠠᠭ ᠬᠣᠲᠠ᠂ ᠬᠡᠰᠡᠭ ᠬᠣᠰᠢᠭᠤ ᠰᠢᠶᠠᠨ (ᠬᠣᠲᠠ ᠲᠣᠭᠣᠷᠢᠭ)᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠠᠵᠢᠯ᠎ᠤᠨ ᠬᠠᠷᠢᠭᠤᠴᠠᠯᠭ᠋ᠠᠲᠠᠨ ᠪᠠ ᠲᠤᠬᠠᠢ ᠵᠢᠨ ᠭᠠᠵᠠᠷ᠎ᠤᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ (ᠪᠦᠯᠬᠦᠮ ᠨᠡᠶ᠋ᠢᠲᠡ) ᠵᠢᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ (ᠪᠦᠯᠬᠦᠮ ᠨᠡᠶ᠋ᠢᠲᠡ) ᠵᠢᠨ ᠬᠠᠷᠢᠭᠤᠴᠠᠯᠭ᠋ᠠᠲᠠᠨ 110 ᠬᠥᠮᠥᠨ ᠪᠣᠯᠪᠠᠰᠤᠷᠠᠯ᠎ᠳᠤ ᠣᠷᠣᠯᠴᠠᠵᠠᠢ᠃