ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ ᠴᠢᠨᠠᠷᠯᠢᠭ ᠬᠥᠭᠵᠢᠯᠲᠡ᠎ᠳᠤ ᠦᠢ᠍ᠯᠡᠴᠢᠯᠡᠬᠦ ᠲᠤᠰᠬᠠᠢ ᠠᠵᠢᠯᠯᠠᠭ᠎ᠠ ᠵᠢᠨ ᠬᠡᠷᠡᠭᠵᠢᠬᠦᠯᠬᠦ ᠲᠦᠰᠤᠯ》᠎ᠢ ᠲᠠᠷᠤᠮᠠᠯᠯᠠᠨ ᠲᠠᠷᠬᠠᠭ᠋ᠠᠵᠤ᠂ 2023 ᠣᠨ᠎ᠤ 8 ᠳ᠋ᠤᠭ᠋ᠠᠷ ᠰᠠᠷ᠎ᠠ᠎ᠠᠴᠠ 2024 ᠣᠨ᠎ᠤ 12 ᠳ᠋ᠤᠭ᠋ᠠᠷ ᠰᠠᠷ᠎ᠠ ᠪᠣᠯᠲᠠᠯ᠎ᠠ 17 ᠰᠠᠷ᠎ᠠ ᠵᠢᠨ ᠬᠤᠭᠤᠴᠠᠭ᠎ᠠ᠎ᠲᠠᠢ ᠠᠵᠢᠯ ᠲᠦᠷᠦᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢᠨ ᠲᠤᠰᠬᠠᠢ ᠠᠵᠢᠯᠯᠠᠭ᠎ᠠ ᠵᠢ ᠥᠷᠨᠢᠭᠦᠯᠦᠨ᠎ᠡ ᠭᠡᠵᠦ ᠳᠤᠷᠠᠳᠴᠠᠢ᠃ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠲᠤᠰ ᠪᠡᠶ᠎ᠡ ᠵᠢᠨ ᠳᠠᠪᠠᠭᠤᠯᠢᠭ᠎ᠲᠠᠢ᠎ᠪᠠᠨ ᠤᠶᠠᠯᠳᠤᠭᠤᠯᠬᠤ ᠵᠢ ᠵᠢᠯᠤᠭᠣᠳᠬᠤ᠂ ᠳᠡᠮᠵᠢᠬᠦ᠂ ᠠᠬᠢᠭᠤᠯᠬᠤ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠳᠤ ᠦᠢ᠍ᠯᠡᠴᠢᠯᠡᠬᠦ ᠵᠢᠨ ᠲᠣᠭᠣᠷᠢᠨ᠎ᠳᠤ ᠨᠢᠭᠡ ᠪᠦᠯᠦᠭ ᠴᠢᠨᠠᠷ ᠰᠠᠢ᠌ᠲᠠᠢ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠪᠠ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠪᠦᠷᠢᠯᠳᠦᠭᠦᠯᠬᠦ᠎ᠪᠠᠷ ᠳᠡᠮᠵᠢᠨ᠂ ᠠᠵᠢᠯ ᠲᠥᠷᠥᠯ᠎ᠤᠨ ᠬᠥᠭᠵᠢᠯᠲᠡ ᠵᠢᠨ ᠳᠡᠮᠵᠢᠯᠭᠡ ᠵᠢᠨ ᠴᠢᠨᠠᠷᠲᠠᠢ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠵᠤ᠂ ᠠᠵᠢᠯ ᠲᠥᠷᠥᠯ᠎ᠤᠨ ᠬᠥᠭᠵᠢᠯᠲᠡ᠎ᠳᠤ ᠵᠠᠪᠠᠯ ᠱᠠᠭ᠋ᠠᠷᠳᠠᠭᠳᠠᠬᠤ ᠴᠢᠳᠠᠪᠤᠷᠢᠲᠠᠨ ᠬᠥᠮᠥᠨ᠎ᠤ ᠬᠦᠴᠦᠨ᠎ᠤ ᠡᠩᠨᠡᠭᠡ ᠵᠢ ᠪᠤᠵᠠᠭ᠋ᠠᠢ᠌ᠷᠠᠭᠤᠯᠵᠤ᠂ ᠰᠢᠨᠵᠢᠯᠡᠬᠦ ᠤᠬᠠᠭ᠋ᠠᠨᠴᠢ ᠣᠨᠣᠪᠴᠢᠲᠠᠶ ᠪᠦᠲᠦᠮᠵᠢᠲᠡᠶ ᠠᠵᠤ ᠠᠬᠤᠢ ᠵᠢᠨ ᠬᠥᠭᠵᠢᠯᠲᠡ ᠵᠢᠨ ᠵᠢᠭ᠋ᠠᠯᠲᠠ ᠲᠣᠭ᠎ᠠ ᠵᠢ ᠨᠡᠢ᠌ᠲᠡᠯᠡᠵᠦ᠂ ᠠᠵᠢᠯ ᠲᠥᠷᠥᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠤ᠂ ᠠᠵᠢᠯ ᠲᠥᠷᠥᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠳᠠᠭ᠋ᠠᠭᠤᠯᠬᠤ ᠲᠡᠷᠢᠭᠦᠨ᠎ᠤ ᠪᠠᠷᠢᠮᠵᠢᠶ᠎ᠠ ᠵᠢ ᠨᠡᠢ᠌ᠲᠡᠯᠡᠨ ᠬᠡᠷᠡᠭᠵᠢᠭᠦᠯᠵᠦ᠂ ᠦᠢ᠍ᠯᠡᠴᠢᠯᠡᠭᠡᠨ᠎ᠤ ᠠᠵᠢᠯ ᠲᠥᠷᠥᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠨᠡᠷᠡᠲᠦ ᠲᠥᠷᠥᠯ ᠲᠡᠮᠳᠡᠭᠲᠦ ᠲᠥᠷᠥᠯ ᠵᠦᠢ᠍ᠯ᠎ᠢ ᠪᠣᠢ᠌ᠵᠢᠭᠤᠯᠵᠤ᠂ ᠠᠵᠤ ᠠᠬᠤᠢ ᠵᠢᠨ ᠪᠠᠢ᠌ᠷᠢᠰᠢᠯ᠎ᠤᠨ ᠰᠢᠯᠢᠳᠡᠭᠵᠢᠯᠲᠡ ᠵᠢ ᠠᠬᠢᠭᠤᠯᠬᠤ ᠨᠢᠭᠡ ᠪᠦᠯᠦᠭ ᠠᠵᠤ ᠦᠢ᠍ᠯᠡᠰ᠎ᠤᠨ ᠪᠦᠯᠦᠭᠯᠡᠯ᠎ᠳᠤ ᠦᠢ᠍ᠯᠡᠴᠢᠯᠡᠵᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡᠳᠤ ᠦᠢ᠍ᠯᠡᠴᠢᠯᠡᠬᠦ ᠰᠢᠨ᠎ᠡ ᠠᠷᠭ᠎ᠠ ᠵᠢ ᠰᠦᠪᠡᠭᠴᠢᠯᠡᠵᠦ᠂ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ ᠦᠢ᠍ᠯᠡᠴᠢᠯᠡᠭᠡᠨ᠎ᠤ ᠳᠠᠪᠠᠭᠤᠯᠢᠭ ᠪᠠ ᠥᠪᠡᠷᠮᠢᠴᠡ ᠦᠢ᠍ᠯᠡᠳᠦᠯ᠎ᠢ ᠪᠠᠳᠠᠷᠠᠭᠤᠯᠵᠤ᠂ ᠴᠢᠳᠠᠪᠤᠷᠢ᠎ᠪᠠᠨ ᠳᠡᠭᠡᠭᠰᠢᠯᠡᠭᠦᠯᠦᠨ᠂ ᠳᠠᠪᠠᠭᠤᠯᠢᠭ ᠦᠢ᠍ᠯᠡᠳᠦᠯ ᠵᠶ᠋ᠡᠨ ᠨᠠᠩ ᠰᠠᠢ᠌ᠨ ᠪᠠᠳᠠᠷᠠᠭᠤᠯᠵᠤ᠂ ᠨᠡᠡᠭ ᠴᠣᠭ ᠵᠢᠪᠬᠤᠭ᠎ᠠ᠎ᠲᠠᠢ ᠳᠦᠷᠢ ᠲᠥᠷᠬᠦ ᠪᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ ᠴᠢᠨᠠᠷᠯᠢᠭ ᠬᠦᠭᠵᠢᠯᠳᠡ ᠵᠢᠨ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠬᠤ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠢᠳᠡᠪᠬᠢᠲᠡᠢ ᠬᠤᠪᠢ ᠨᠡᠮᠡᠷᠢ ᠦᠵᠡᠬᠦᠯᠬᠦ ᠪᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ ᠤᠷᠴᠢᠮ᠎ᠤᠨ ᠵᠢᠯ ᠭᠣᠣᠯᠳᠠᠯᠭ᠎ᠠ ᠵᠢᠨ ᠲᠣᠭᠣᠷᠢᠨ᠎ᠳᠤ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠨᠡᠶ᠋ᠢᠲᠡ ᠵᠢᠨ ᠭᠡᠷ᠎ᠡ ᠵᠢ ᠨᠡᠶ᠋ᠢᠲᠡ 4500 ᠭᠠᠷᠤᠢ ᠲᠣᠭᠲᠠᠭ᠋ᠠᠵᠤ᠂ ᠪᠦᠬᠦ ᠤᠯᠤᠰ᠎ᠤᠨ ᠪᠦᠯᠬᠦᠮ᠎ᠤᠨ ᠪᠠᠷᠢᠮᠵᠢᠶ᠎ᠠ ᠵᠢᠨ ᠮᠡᠳᠡᠭᠡ ᠵᠠᠩᠭᠢ ᠵᠢᠨ ᠲᠠᠪᠴᠠᠩ᠎ᠳᠤ ᠪᠦᠯᠬᠦᠮ᠎ᠤᠨ ᠪᠠᠷᠢᠮᠵᠢᠶ᠎ᠠ ᠵᠢᠨ 236 ᠵᠦᠢ᠍ᠯ᠎ᠢ ᠨᠡᠢ᠌ᠲᠡᠯᠡᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ᠎ᠳᠤ 48 ᠤᠳᠠᠭ᠎ᠠ ᠣᠷᠣᠯᠴᠠᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠲᠤ 909 ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠠᠵᠢᠯ ᠲᠥᠷᠥᠯ᠎ᠤᠨ ᠪᠦᠷᠢᠳᠬᠡᠯ᠎ᠤᠨ ᠪᠠᠢ᠌ᠴᠠᠭ᠋ᠠᠯᠲᠠ ᠵᠢ 2518 ᠤᠳᠠᠭ᠎ᠠ ᠥᠷᠨᠢᠭᠦᠯᠵᠦ᠂ ᠠᠵᠢᠯ ᠲᠥᠷᠥᠯ᠎ᠤᠨ ᠪᠣᠯᠪᠠᠰᠤᠷᠠᠯ᠂ ᠲᠠᠢ᠌ᠯᠤᠮᠵᠢ᠂ ᠰᠢᠯᠭ᠋ᠠᠯᠲᠠ ᠵᠡᠷᠭᠡ ᠵᠢ 17000 ᠭᠠᠷᠤᠢ ᠲᠠᠯᠠᠪᠤᠷ (1.4 ᠳ᠋ᠦᠩᠰᠢᠭᠤᠷ ᠬᠦᠮᠦᠨ᠎ᠳᠤ ᠦᠢ᠍ᠯᠡᠴᠢᠯᠡᠪᠡ) ᠡᠷᠭᠢᠯᠡᠵᠦ᠂ 220 (ᠪᠠᠷᠤᠭ 40.38 ᠳ᠋ᠦᠩᠰᠢᠭᠤᠷ ᠲᠥᠭᠥᠷᠢᠭ) ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠣᠷᠣᠭᠤᠯᠤᠨ ᠠᠪᠴᠢᠷᠠᠵᠤ᠂ ᠲᠥᠷᠥ ᠵᠢᠨ ᠪᠣᠳᠣᠯᠭ᠎ᠠ ᠵᠢᠨ ᠵᠥᠪᠯᠡᠯᠭᠡ ᠥᠭᠬᠦ ᠦᠢ᠍ᠯᠡᠴᠢᠯᠡᠭᠡ ᠵᠢ 104.67 ᠲᠦᠮᠨ ᠤᠳᠠᠭ᠎ᠠ ᠥᠷᠨᠢᠭᠦᠯᠵᠦ᠂ ᠨᠡᠢ᠌ᠭᠡᠮᠯᠢᠭ᠎ᠤᠨ ᠰᠦᠢ᠍ᠳᠬᠡᠯ᠎ᠢ 9610 ᠲᠦᠮᠡᠨ ᠲᠥᠭᠥᠷᠢᠭ ᠬᠡᠯᠲᠦᠷᠢᠭᠦᠯᠦᠭᠡᠳ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠣᠷᠣᠨ᠎ᠳᠤ ᠦᠢ᠍ᠯᠡᠴᠢᠯᠡᠬᠦ᠂ ᠨᠡᠢ᠌ᠭᠡᠮ᠎ᠳᠤ ᠦᠢ᠍ᠯᠡᠴᠢᠯᠡᠬᠦ᠂ ᠣᠯᠠᠨ ᠲᠦᠮᠡᠨ᠎ᠳᠤ ᠦᠢ᠍ᠯᠡᠴᠢᠯᠡᠬᠦ᠂ ᠠᠵᠢᠯ ᠲᠥᠷᠥᠯ᠎ᠳᠤ ᠦᠢ᠍ᠯᠡᠴᠢᠯᠡᠬᠦ ᠢᠳᠡᠪᠬᠢ ᠦᠢ᠍ᠯᠡᠳᠦᠯ᠎ᠢ ᠪᠠᠳᠠᠷᠠᠭᠤᠯᠪᠠ᠃