ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 8 ᠳ᠋ᠤᠭ᠋ᠠᠷ ᠰᠠᠷ᠎ᠠ ᠵᠢᠨ 19᠂ 20 ᠤ ᠡᠳᠦᠷ ᠤᠯᠠᠭ᠋ᠠᠨᠬᠠᠳᠠ ᠬᠣᠲᠠ᠎ᠳᠤ 2023 ᠣᠨ᠎ᠤ ᠪᠥᠬᠥ ᠣᠷᠣᠨ᠎ᠤ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠠᠵᠢᠯ᠎ᠤᠨ ᠪᠣᠯᠪᠠᠰᠤᠷᠠᠯ ᠡᠷᠭᠢᠯᠡᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠰᠢ ᠵᠢᠨ ᠫᠢᠩ ᠶᠡᠷᠦᠩᠬᠡᠢ ᠱᠦᠵᠢ ᠵᠢᠨ ᠣᠷᠣᠭ ᠭᠡᠷ ᠪᠦᠯᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠪᠥᠬᠥ ᠣᠷᠣᠨ᠎ᠤ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠲᠤᠷᠰᠢᠯᠭ᠎ᠠ ᠵᠢ ᠳ᠋ᠦᠩᠨᠡᠵᠦ᠂ ᠥᠭᠡᠷᠡᠴᠢᠯᠡᠯᠲᠡ ᠵᠢᠨ ᠰᠢᠨ᠎ᠡ ᠪᠠᠢ᠌ᠳᠠᠯ ᠰᠢᠨ᠎ᠡ ᠠᠰᠠᠭᠤᠳᠠᠯ᠎ᠢ ᠵᠠᠳᠠᠯᠤᠨ᠂ ᠥᠭᠡᠷᠡᠴᠢᠯᠡᠯᠲᠡ ᠵᠢ ᠠᠬᠢᠭᠤᠯᠬᠤ ᠭᠣᠣᠯᠳᠠᠯᠭ᠎ᠠ᠎ᠲᠠᠢ ᠠᠵᠢᠯ᠎ᠢ ᠰᠤᠳᠤᠯᠪᠠ᠃ ᠪᠠᠰᠨ ᠲᠤᠷᠰᠢᠯᠭ᠎ᠠ ᠰᠣᠯᠢᠯᠴᠠᠬᠤ ᠬᠤᠷᠠᠯ ᠬᠢᠵᠦ᠂ ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠬᠡᠷᠡᠭ ᠶᠠᠪᠤᠳᠠᠯ᠎ᠤᠨ ᠵᠤᠷᠭ᠋ᠠᠨ᠎ᠤ ᠳᠠᠷᠤᠭ᠎ᠠ ᠸᠠᠩ ᠵᠢᠨ ᠬᠤᠸᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠤᠭ ᠬᠤᠷᠠᠯ᠎ᠢ ᠡᠷᠭᠢᠯᠡᠪᠡ᠃
ᠸᠠᠩ ᠵᠢᠨ ᠬᠤᠸᠠ ᠵᠢᠭ᠋ᠠᠬᠰᠠᠨ᠎ᠨᠢ᠂ ᠥᠪᠥᠷ ᠮᠣᠩᠭᠣᠯ᠎ᠤᠨ᠎ᠬᠢᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠠᠷᠠᠳ᠎ᠤᠨ ᠶᠠᠪᠤᠳᠠᠯ᠎ᠤᠨ ᠶᠠᠮᠤᠨ᠎ᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠪᠠᠢ᠌ᠳᠠᠯ ᠡᠭᠦᠷᠭᠡ ᠵᠢ ᠪᠠᠲᠤ ᠡᠵᠡᠮᠳᠡᠨ᠂ ᠣᠷᠣᠭ᠎ᠤᠨ ᠵᠠᠡᠭᠰᠢᠯ᠎ᠢ ᠦᠬᠡᠷᠡᠴᠢᠯᠡᠯᠳᠡ ᠵᠢ ᠠᠬᠢᠭᠤᠯᠵᠤ᠂ ᠭᠠᠵᠠᠷ ᠣᠷᠣᠨ᠎ᠤ ᠣᠨᠴᠠᠯᠢᠭ᠎ᠲᠠᠢ ᠠᠷᠭ᠎ᠠ ᠲᠤᠷᠰᠢᠯᠭ᠎ᠠ ᠵᠢ ᠪᠣᠶ ᠪᠣᠯᠭ᠋ᠠᠪᠠ᠃ ᠥᠪᠥᠷ ᠮᠣᠩᠭᠣᠯ᠎ᠤᠨ᠎ᠬᠢᠨ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ᠂ ᠨᠡᠩ ᠤᠯᠠᠨ ᠰᠢᠨ᠎ᠡ ᠠᠷᠭ᠎ᠠ᠎ᠪᠠᠷ ᠨᠡᠩ ᠤᠯᠠᠨ ᠣᠨᠴᠠᠯᠢᠭ᠎ᠲᠠᠢ ᠬᠢᠯᠠᠰ ᠴᠡᠭ ᠪᠦᠬᠦᠢ ᠲᠦᠷᠦᠯ ᠲᠡᠮᠳᠡᠭ᠎ᠢ ᠡᠭᠦᠳᠴᠦ᠂ ᠰᠢᠨ᠎ᠡ ᠴᠠᠭ ᠦᠶ᠎ᠡ ᠵᠢᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠠᠵᠢᠯ᠎ᠤᠨ ᠰᠢᠨ᠎ᠡ ᠳᠡᠭᠲᠡᠷ᠎ᠲᠤ ᠭᠠᠷᠭ᠋ᠠᠬᠤ᠎ᠳᠤ ᠠᠬᠢᠭᠤᠯᠬᠤ ᠦᠢ᠍ᠯᠡᠳᠤᠯ ᠦᠵᠡᠬᠦᠯᠬᠦ ᠵᠢ ᠬᠦᠰᠡᠵᠦ ᠪᠠᠢ᠌ᠨ᠎ᠠ᠃
ᠲᠢᠡᠭᠭᠢᠮ᠎ᠤᠨ ᠤᠳᠤᠷᠢᠳᠤᠯᠭ᠎ᠠ ᠴᠢᠬᠤᠯᠠᠴᠢᠯᠠᠭᠰᠠᠨ᠎ᠨᠢ᠂ ᠪᠦᠬᠦ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠤᠯᠠᠮ ᠳᠡᠭᠡᠭᠰᠢᠯᠡᠭᠦᠯᠵᠦ᠂ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠳᠤᠲᠠᠭᠤᠳᠠᠯ᠎ᠢ ᠨᠥᠬᠥᠪᠦᠷᠢᠯᠡᠬᠦ᠂ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠷᠤᠭ ᠲᠠᠡᠭᠰᠠᠯᠠᠬᠤ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠪᠣᠯᠪᠠᠰᠤᠨ ᠥᠭᠡᠳᠡᠷᠬᠡᠭ ᠤᠷᠤᠭ ᠬᠤᠷᠢᠮ᠎ᠤᠨ ᠰᠣᠶᠣᠯ᠎ᠢ ᠪᠣᠢ᠌ᠵᠢᠭᠤᠯᠵᠤ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠬᠦᠴᠦᠨ᠎ᠢ ᠨᠢᠭᠲᠠᠷᠠᠭᠤᠯᠵᠤ᠂ ᠥᠭᠡᠷᠡᠴᠢᠯᠡᠯᠲᠡ ᠵᠢᠨ ᠦᠨᠡᠨ ᠪᠣᠳᠠᠲᠠᠢ ᠦᠷ᠎ᠡ ᠪᠦᠲᠦᠭᠡᠯ ᠵᠶ᠋ᠡᠷ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠷᠠᠳ᠎ᠤᠨ ᠶᠠᠪᠤᠳᠠᠯ᠎ᠤᠨ᠎ᠬᠢᠨ᠎ᠤ ᠬᠦᠴᠦᠨ ᠴᠢᠳᠠᠯ ᠵᠶ᠋ᠠᠨ ᠡᠷᠭᠦᠵᠦ᠂ ᠪᠦᠬᠦ ᠤᠯᠤᠰ᠎ᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠠᠵᠢᠯ᠎ᠢ ᠭᠦᠨᠵᠡᠭᠡᠢ᠌ᠷᠡᠭᠦᠯᠬᠦ᠎ᠳᠤ ᠥᠪᠥᠷ ᠮᠣᠩᠭᠣᠯ᠎ᠤᠨ᠎ᠬᠢᠨ᠎ᠤ ᠲᠤᠷᠰᠢᠯᠭ᠎ᠠ ᠵᠢ ᠬᠠᠩᠭ᠋ᠠᠵᠤ᠂ ᠥᠪᠥᠷ ᠮᠣᠩᠭᠣᠯ᠎ᠳᠤ ᠬᠤᠪᠢ ᠨᠡᠮᠡᠷᠢ ᠦᠵᠡᠬᠦᠯᠬᠦ ᠬᠡᠷᠡᠭᠳᠡᠢ᠃
ᠬᠤᠷᠠᠯ ᠳᠡᠭᠡᠷ᠎ᠡ ᠴᠣᠭ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠶᠠᠪᠤᠳᠠᠯ᠎ᠤᠨ ᠠᠵᠢᠯ᠎ᠤᠨ ᠲᠤᠰᠬᠠᠢ ᠮᠡᠷᠭᠡᠵᠢᠯᠲᠡᠨ᠎ᠤ ᠯᠠᠪᠯᠠᠯᠭ᠎ᠠ ᠵᠢᠨ ᠳᠤᠭᠤᠢ᠌ᠯᠠᠩ᠎ᠢ ᠪᠠᠶ᠋ᠢᠭᠤᠯᠬᠤ ᠲᠤᠬᠠᠢ ᠮᠡᠳᠡᠭᠳᠡᠯ》 ᠢ ᠤᠡᠭᠰᠢᠪᠠ᠃ ᠤᠯᠠᠭ᠋ᠠᠨᠬᠠᠳᠠ ᠬᠤᠳᠠ ᠵᠢᠨ ᠬᠤᠩᠱ᠌ᠠᠨ ᠲᠣᠭᠣᠷᠢᠭ᠂ ᠪᠤᠭᠤᠲᠤ ᠬᠤᠳᠠ ᠵᠢᠨ ᠴᠢᠩᠱ᠌ᠠᠨ ᠲᠣᠭᠣᠷᠢᠭ᠂ ᠬᠥᠯᠥᠨ ᠪᠤᠢ᠍ᠢ᠍ᠷ ᠬᠤᠳᠠ ᠵᠢᠨ ᠠᠷᠤᠨ ᠬᠣᠰᠢᠭᠤ᠂ ᠬᠢᠩᠭ᠋ᠠᠨ ᠠᠢ᠌ᠮᠠᠭ᠎ᠤᠨ ᠤᠯᠠᠭ᠋ᠠᠨᠬᠣᠲᠠ ᠵᠢᠨ᠎ᠬᠢᠨ ᠪᠤᠯᠤᠨ ᠲᠤᠰᠬᠠᠢ ᠮᠡᠷᠭᠡᠵᠢᠯᠲᠡᠨ᠂ ᠨᠡᠢ᠌ᠭᠡᠮᠯᠢᠭ᠎ᠤᠨ ᠲᠥᠯᠥᠭᠡᠯᠡᠭᠴᠢ ᠨᠠᠷ ᠨᠡᠢ᠌ᠲᠡᠯᠢᠭ ᠲᠤᠷᠰᠢᠯᠭ᠎ᠠ ᠵᠢᠨ ᠲᠠᠨᠢᠯᠴᠠᠭᠤᠯᠭ᠎ᠠ ᠪᠠ ᠰᠣᠯᠢᠯᠴᠠᠭ᠋ᠠᠨ᠎ᠤ ᠶᠠᠷᠢᠶ᠎ᠠ ᠲᠠᠯᠪᠢᠵᠠᠢ᠃