ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠢᠦᠢ ᠯᠸ ᠵᠢᠶᠠᠩ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2023-08-07

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 8 ᠳ᠋ᠤᠭ᠋ᠠᠷ ᠰᠠᠷ᠎ᠠ ᠵᠢᠨ 6᠎ᠤ ᠡᠳᠦᠷ ᠬᠥᠬᠡᠬᠣᠲᠠ᠎ᠳᠤ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠪᠥᠬᠥ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠪᠠᠢ᠌ᠩᠭᠤ ᠵᠢᠨ ᠳᠡᠳ᠋ ᠲᠡᠷᠢᠭᠦᠯᠡᠭᠴᠢ ᠰᠢᠦᠢ ᠯᠧ ᠵᠢᠶᠠᠩ᠎ᠲᠠᠢ ᠠᠭᠤᠯᠵᠠᠪᠠ᠃

 


   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 8 ᠳ᠋ᠤᠭ᠋ᠠᠷ ᠰᠠᠷ᠎ᠠ ᠵᠢᠨ 6᠎ᠤ ᠡᠳᠦᠷ ᠬᠥᠬᠡᠬᠣᠲᠠ᠎ᠳᠤ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠪᠥᠬᠥ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠪᠠᠢ᠌ᠩᠭᠤ ᠵᠢᠨ ᠳᠡᠳ᠋ ᠲᠡᠷᠢᠭᠦᠯᠡᠭᠴᠢ ᠰᠢᠦᠢ ᠯᠧ ᠵᠢᠶᠠᠩ ᠨᠠᠷ᠎ᠲᠠᠢ ᠠᠭᠤᠯᠵᠠᠵᠤ ᠪᠠᠢ᠌ᠭ᠎ᠠ᠎ᠨᠢ
   ᠰᠦᠨ ᠱᠤᠤ ᠴᠧᠩ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠥᠪᠥᠷ ᠮᠣᠩᠭᠣᠯ᠎ᠳᠤ ᠦᠵᠡᠭᠦᠯᠦᠭᠰᠡᠨ ᠬᠦᠴᠦᠲᠡᠢ ᠳᠡᠮᠵᠢᠯᠭᠡ᠎ᠳᠤ ᠲᠠᠯᠠᠷᠬᠠᠯ ᠢᠯᠡᠷᠬᠡᠢ᠌ᠯᠡᠬᠦ ᠵᠢᠨ ᠬᠠᠮᠲᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠪᠣᠯᠣᠨ ᠬᠣᠶᠠᠷ ᠶᠡᠬᠡ ᠶᠠᠪᠤᠳᠠᠯ᠎ᠢ ᠴᠢᠷᠮᠠᠢ᠌ᠨ ᠰᠠᠢ᠌ᠲᠤᠷ ᠬᠢᠵᠦ ᠪᠠᠢ᠌ᠭ᠎ᠠ ᠬᠣᠯᠪᠣᠭᠳᠠᠯ ᠪᠦᠬᠦᠢ ᠪᠠᠢ᠌ᠳᠠᠯ᠎ᠢ ᠲᠣᠪᠴᠢ ᠲᠠᠨᠢᠯᠴᠠᠭᠤᠯᠵᠠᠢ᠃ ᠰᠦᠨ ᠱᠤᠤ ᠴᠸᠡᠭ᠂ ᠣᠳᠣᠬᠠᠨ᠎ᠳᠤ ᠬᠦᠭᠵᠢᠬᠦᠯᠤᠯᠳᠡ᠂ ᠠᠷᠠᠯᠵᠢᠶᠠᠴᠢᠨ ᠤᠷᠢᠬᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠠᠢ᠌ᠵᠢᠷᠠᠭᠤᠯᠬᠤ ᠵᠢ ᠪᠦᠬᠦ ᠣᠷᠣᠨ ᠵᠶ᠋ᠠᠷ ᠵᠶ᠋ᠠᠨ ᠴᠢᠷᠮᠠᠢ᠌ᠨ ᠠᠳᠬᠤᠬᠰᠠᠨ ᠵᠶ᠋ᠡᠷ ᠠᠵᠤ ᠠᠬᠤᠢ ᠵᠢᠨ ᠬᠥᠭᠵᠢᠯᠲᠡ ᠵᠢᠨ ᠬᠠᠨᠳᠤᠰᠢ ᠪᠣᠯᠣᠨ ᠺᠠᠳ᠋ᠷᠴᠤᠳ᠎ᠤᠨ ᠠᠵᠢᠯᠯᠠᠬᠤ ᠡᠷᠴᠢ ᠵᠣᠷᠢᠭ ᠮᠠᠰᠢ ᠰᠠᠢ᠌ᠨ ᠪᠦᠬᠡᠳ ᠠᠷᠠᠳ᠎ᠤᠨ ᠡᠵᠡᠡᠭᠨᠡᠯᠳᠤ ᠠᠵᠤ ᠠᠬᠤᠢ ᠵᠢᠨ᠎ᠬᠢᠨ᠎ᠤ ᠬᠦᠭᠵᠢᠬᠦᠯᠤᠯᠳᠡ ᠵᠢᠨ ᠢᠲᠡᠭᠡᠯ ᠵᠣᠷᠢᠭ ᠴᠤ᠌ ᠳᠡᠭᠡᠭᠰᠢᠯᠡᠵᠡᠢ᠃ ᠥᠪᠥᠷ ᠮᠣᠩᠭᠣᠯ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠲᠦᠷᠦ ᠵᠢᠨ ᠪᠣᠳᠣᠯᠭ᠎ᠠ ᠵᠢᠨ ᠳᠡᠮᠵᠢᠯᠭᠡ ᠵᠢ ᠤᠯᠠᠨ ᠤᠳᠠᠭ᠎ᠠ ᠵᠡᠷᠬᠡ᠎ᠪᠠᠷ ᠡᠳ᠋ᠯᠡᠵᠦ᠂ 《ᠤᠮᠠᠷᠠᠲᠤ ᠵᠢᠨ ᠭᠤᠷᠪᠠᠨ ᠣᠷᠣᠨ》 ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠤ 《ᠬᠣᠶᠠᠷ ᠬᠠᠭ᠋ᠠᠰ》᠎ᠨᠢ ᠥᠪᠥᠷ ᠮᠣᠩᠭᠣᠯ᠎ᠳᠤ ᠪᠠᠢ᠌ᠵᠤ᠂ ᠤᠯᠤᠰ᠎ᠠᠴᠠ ᠲᠥᠯᠥᠪᠵᠢᠭᠦᠯᠦᠨ ᠪᠠᠢ᠌ᠭᠤᠯᠤᠭᠰᠠᠨ ᠲᠠᠪᠤᠨ ᠲᠣᠮᠣ ᠦᠵᠡᠮᠵᠢ ᠵᠢᠨ ᠰᠠᠭᠤᠷᠢᠨ ᠭᠠᠵᠠᠷ᠎ᠤᠨ ᠳᠥᠷᠪᠡ᠎ᠨᠢ ᠥᠪᠥᠷ ᠮᠣᠩᠭᠣᠯ᠎ᠳᠤ ᠪᠤᠢ᠂ ᠡᠳᠡᠭᠡᠷ᠎ᠨᠢ ᠴᠥᠮ ᠯᠤᠲᠤ ᠶᠡᠬᠡ ᠬᠤᠳᠠᠯᠳᠤᠭ᠋ᠠᠨ᠎ᠤ ᠠᠵᠠ ᠲᠣᠬᠢᠶᠠᠯ ᠠᠭᠤᠯᠤᠭᠳᠠᠵᠤ ᠪᠤᠢ᠃ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ᠎ᠬᠢᠨ ᠥᠪᠥᠷ ᠮᠣᠩᠭᠣᠯ᠎ᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠬᠠᠯᠠᠮᠵᠢᠯᠠᠨ ᠳᠡᠮᠵᠢᠵᠦ᠂ ᠪᠢᠳᠡᠨ᠎ᠢ ᠬᠠᠪᠰᠤᠷᠤᠨ ᠨᠡᠩ ᠤᠯᠠᠨ ᠠᠵᠤ ᠠᠬᠤᠢ᠌ᠯᠠᠯ᠎ᠢ ᠳᠠᠳᠠᠨ ᠠᠪᠴᠢᠷᠠᠵᠤ᠂ ᠬᠤᠳᠠᠯᠳᠤᠭ᠋ᠠᠨ᠎ᠤ ᠠᠭᠤᠷ ᠠᠮᠢᠰᠬᠤᠯ᠎ᠢ  ᠨᠡᠡᠭ ᠦᠨᠢᠷ ᠦᠳᠬᠡᠨ ᠪᠤᠯᠭ᠋ᠠᠬᠤ ᠵᠢ ᠬᠦᠰᠡᠵᠦ ᠪᠠᠢ᠌ᠨ᠎ᠠ ᠭᠡᠵᠤ ᠬᠡᠯᠡᠪᠡ᠃
   ᠥᠪᠥᠷ ᠮᠣᠩᠭᠣᠯ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠠᠵᠢᠯ᠎ᠢ ᠳᠡᠮᠵᠢᠭᠰᠡᠨ᠎ᠳᠤ ᠰᠢᠦᠢ ᠯᠸ᠋ ᠵᠢᠶᠠᠩ  ᠲᠠᠯᠠᠷᠬᠠᠯ ᠢᠯᠡᠷᠬᠡᠢ᠌ᠯᠡᠭᠰᠡᠨ᠎ᠤ ᠬᠠᠮᠳᠤ ᠥᠪᠥᠷ ᠮᠣᠩᠭᠣᠯ᠎ᠤᠨ ᠡᠬᠢ ᠪᠠᠶᠠᠯᠢᠭ ᠡᠯᠪᠡᠭ ᠳᠡᠯᠪᠡᠭ᠂ ᠣᠷᠣᠨ ᠪᠠᠢ᠌ᠷᠢ ᠥᠪᠡᠷᠮᠢᠴᠡ ᠣᠨᠴᠠᠯᠢᠭ᠎ᠲᠠᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ ᠦᠷᠭᠦᠯᠵᠢᠯᠡᠨ ᠰᠠᠢ᠌ᠵᠢᠷᠠᠵᠤ᠂ ᠠᠷᠠᠳ᠎ᠤᠨ ᠡᠵᠡᠡᠭᠨᠡᠯᠳᠤ ᠠᠵᠤ ᠠᠬᠤᠢ ᠵᠢᠨ ᠬᠦᠭᠵᠢᠬᠦᠯᠤᠯᠳᠡ ᠵᠢᠨ ᠳᠠᠯᠳᠠ ᠬᠦᠴᠦᠨ ᠮᠠᠰᠢ ᠶᠡᠬᠡ᠃ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ᠎ᠬᠢᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠢᠳᠡᠪᠬᠢᠲᠡᠢ᠎ᠪᠠᠷ ᠲᠠᠪᠴᠠᠩ ᠪᠠᠢ᠌ᠭᠤᠯᠵᠤ᠂ ᠨᠡᠩ ᠤᠯᠠᠨ ᠠᠷᠠᠳ᠎ᠤᠨ ᠡᠵᠡᠡᠭᠨᠡᠯᠳᠤ ᠠᠵᠤ ᠠᠬᠤᠢ᠌ᠯᠠᠯ᠎ᠤᠨ ᠥᠪᠥᠷ ᠮᠣᠩᠭᠣᠯ᠎ᠳᠤ ᠢᠷᠡᠵᠤ ᠪᠡᠯᠡ ᠣᠷᠣᠭᠤᠯᠤᠨ ᠦᠢ᠍ᠯᠡᠰ ᠪᠣᠰᠬᠠᠬᠤ ᠵᠢ ᠬᠥᠲᠥᠯᠥᠨ ᠵᠢᠯᠤᠭᠣᠳᠴᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠢᠳᠡᠪᠬᠢᠲᠡᠢ᠎ᠪᠠᠷ ᠬᠦᠴᠦ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ  ᠴᠢᠨᠠᠷᠯᠢᠭ ᠬᠥᠭᠵᠢᠯᠲᠡ ᠵᠢ ᠨᠡᠩ ᠰᠠᠢ᠌ᠲᠤᠷ ᠠᠬᠢᠭᠤᠯᠬᠤ ᠪᠣᠯᠣᠨ᠎ᠠ ᠭᠡᠵᠤ ᠬᠡᠯᠡᠪᠡ᠃
   ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠶᠠᠩ ᠶᠢᠦ ᠰᠢᠩ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ  ᠬᠦᠤᠳᠠᠭᠤᠯᠨ᠂ ᠢᠦᠢ ᠯᠢ ᠰᠢᠨ᠂ ᠠᠨ ᠷᠦᠨ ᠱᠧᠩ ᠨᠠᠷ ᠠᠭᠤᠯᠵᠠᠯᠲᠠ᠎ᠳᠤ ᠣᠷᠣᠯᠴᠠᠪᠠ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠠᠵᠢᠯᠲᠠᠨ ᠠᠵᠢᠯᠴᠢᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠰᠦᠢ᠍ᠳᠬᠡᠯ ᠲᠤᠰᠢᠶᠠᠬᠤ ᠰᠠᠭᠤᠷᠢ ᠲᠤᠭ᠎ᠠ ᠵᠢ ᠲᠤᠬᠳᠠᠭ᠋ᠠᠬᠤ ᠠᠵᠢᠯ᠎ᠢ ᠲᠠᠭᠤᠰᠬᠠᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠠᠵᠢᠯ᠎ᠢ ᠲᠠᠭᠤᠰᠬᠠᠪᠠ
ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ᠎ᠬᠢᠨ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠬᠢᠴᠢᠶᠡᠯ ᠵᠢᠭ᠋ᠠᠬᠤ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠡᠭᠡᠵᠢᠩ᠎ᠳᠤ ᠪᠥᠬᠥ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠠᠵᠢᠯᠳᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠤᠯᠪᠠᠰᠤᠷᠠᠯ ᠡᠷᠬᠢᠯᠡᠪᠡ
ᠬᠡᠦᠬᠡᠳ᠎ᠢ ᠬᠠᠯᠠᠮᠵᠢᠯᠠᠵᠤ᠂ ᠡᠷᠡᠬᠦᠯ ᠰᠠᠷᠠᠭᠤᠯ ᠦᠰᠬᠡᠵᠤ ᠪᠠᠢ᠌ᠨ᠎ᠠ
 
            