2023 ᠣᠨ᠎ᠤ 9 ᠰᠠᠷ᠎ᠠ ᠵᠢᠨ 5᠎ᠤ ᠡᠳᠦᠷ ᠪᠣᠯ ᠮᠠᠨ᠎ᠤ ᠤᠯᠤᠰ᠎ᠤᠨ ᠨᠠᠢ᠍ᠮᠠᠳᠠᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》 ᠪᠣᠯᠣᠨ᠎ᠠ᠂ ᠦᠨᠤ ᠵᠢᠯ᠎ᠤᠨ ᠭᠣᠣᠯ ᠰᠡᠳᠦᠪ ᠪᠣᠯ 《ᠨᠢᠭᠦᠯᠡᠰᠦᠩᠭᠦᠢ ᠵᠢᠨ ᠦᠢ᠍ᠯᠡᠰ᠎ᠲᠤ ᠭᠠᠷ ᠬᠣᠯᠪᠣᠨ ᠣᠷᠣᠯᠴᠠᠵᠤ᠂ ᠰᠠᠢ᠌ᠨ ᠰᠠᠢ᠌ᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠶ᠎ᠠ》 ᠶᠤᠮ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ 9 ᠳ᠋ᠤᠬᠡᠷ ᠰᠠᠷ᠎ᠠ ᠵᠢᠨ ᠤ ᠡᠳᠦᠷ ᠨᠠᠢ᠍ᠮᠠᠳᠠᠭᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠵᠢᠱ᠌ᠢᠶ᠎ᠡ ᠦᠵᠡᠭᠦᠯᠬᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠢ ᠬᠠᠮᠲᠤᠷᠠᠨ ᠡᠷᠭᠢᠯᠡᠵᠦ᠂ ᠪᠥᠬᠥ ᠣᠷᠣᠨ᠎ᠤ ᠡᠯ᠎ᠡ ᠭᠠᠵᠠᠷ᠎ᠤᠨ᠎ᠬᠢᠨ ᠨᠢᠭᠦᠯᠡᠰᠦᠩᠭᠦᠢ ᠵᠢᠨ ᠬᠠᠨᠳᠢᠪᠯᠡᠯ᠂ ᠲᠥᠷᠥᠯ ᠵᠦᠢ᠍ᠯ᠎ᠤᠨ ᠬᠠᠮᠲᠤᠷᠠᠯᠴᠠᠭ᠎ᠠ᠂ ᠨᠢᠭᠦᠯᠡᠰᠦᠩᠭᠦᠢ ᠵᠢᠨ ᠤᠬᠠᠭᠤᠯᠭ᠎ᠠ᠎ᠪᠠᠷ ᠭᠣᠣᠯ ᠠᠭᠤᠯᠭ᠎ᠠ ᠪᠣᠯᠭ᠋ᠠᠵᠤ᠂ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠬᠠᠮᠢᠶ᠎ᠠ ᠪᠦᠬᠦᠢ ᠠᠵᠢᠯᠯᠠᠭ᠎ᠠ ᠵᠢ ᠵᠠᠯᠭ᠋ᠠᠭ᠎ᠠ᠎ᠪᠠᠷ ᠵᠣᠬᠢᠶᠠᠨ ᠪᠠᠢ᠌ᠭᠤᠯᠤᠨ ᠥᠷᠨᠢᠭᠦᠯᠵᠦ᠂ ᠨᠡᠢ᠌ᠬᠡᠮ ᠲᠠᠶᠠᠭ᠋ᠠᠷ ᠵᠶ᠋ᠡᠨ ᠨᠢᠭᠦᠯᠡᠰᠦᠩᠭᠦᠢ ᠵᠢᠨ ᠦᠢ᠍ᠯᠡᠰ᠎ᠢ ᠬᠠᠯᠠᠮᠵᠢᠯᠠᠬᠤ᠂ ᠳᠡᠮᠵᠢᠬᠦ᠂ ᠣᠷᠣᠯᠴᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠤᠯᠠᠮ ᠦᠨᠢᠷ ᠦᠳᠬᠡᠨ ᠪᠤᠯᠭ᠋ᠠᠪᠠ᠃

ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠨᠢᠭᠦᠯᠡᠰᠦᠩᠭᠦᠢ ᠵᠢᠨ ᠦᠢ᠍ᠯᠡᠰ᠎ᠲᠤ ᠭᠠᠷ ᠬᠣᠯᠪᠣᠨ ᠣᠷᠣᠯᠴᠠᠵᠤ ᠰᠠᠢ᠌ᠨ ᠰᠠᠢ᠌ᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠶ᠎ᠠ》 ᠬᠡᠬᠦ ᠨᠢᠭᠦᠯᠡᠰᠦᠩᠭᠦᠢ ᠵᠢᠨ ᠡᠳᠦᠷ᠎ᠤᠨ ᠰᠢᠷᠢᠰ ᠠᠵᠢᠯᠯᠠᠭ᠎ᠠ ᠵᠢ ᠡᠷᠭᠢᠯᠡᠵᠦ᠂ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠢ᠌ᠷ᠎ᠠ ᠬᠠᠯᠠᠮᠵᠢ᠎ᠪᠠᠷ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠲᠤ ᠬᠦᠴᠦᠨ ᠨᠡᠮᠡᠷᠢᠯᠡᠬᠦ》 ᠭᠡᠷ᠎ᠡ ᠲᠣᠭᠲᠠᠬᠤ ᠡᠬᠢᠯᠡᠯᠲᠡ ᠵᠢᠨ ᠶᠣᠰᠣᠯᠠᠯ᠂ ᠨᠢᠭᠦᠯᠡᠰᠦᠩᠭᠦᠢ ᠵᠢᠨ ᠬᠠᠨᠳᠢᠪ ᠡᠷᠬᠦᠬᠦ ᠶᠣᠰᠣᠯᠠᠯ ᠵᠡᠷᠭᠡ ᠠᠵᠢᠯᠯᠠᠭ᠎ᠠ ᠵᠢ ᠶᠠᠪᠤᠭᠳᠠᠭᠤᠯᠵᠠᠢ᠃

ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠰᠢᠯᠢ ᠵᠢᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠲᠠᠢ ᠬᠠᠮᠲᠤᠷᠠᠨ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》 ᠪᠤᠯᠤᠨ ᠰᠢᠯᠢ ᠵᠢᠨ ᠭᠣᠣᠯ ᠠᠢ᠌ᠮᠠᠭ᠎ᠤᠨ ᠠᠩᠬᠠᠳᠤᠭ᠋ᠠᠷ ᠬᠤᠭᠤᠴᠠᠭ᠋ᠠᠨ᠎ᠤ ᠨᠢᠭᠦᠯᠡᠰᠦᠩᠭᠦᠢ ᠵᠢᠨ ᠨᠠᠭ᠋ᠠᠳᠤᠮ᠎ᠢ ᠡᠷᠭᠢᠯᠡᠵᠦ᠂ ᠡᠯ᠎ᠡ ᠲᠠᠯ᠎ᠠ ᠵᠢᠨ ᠬᠦᠴᠦᠨ᠎ᠢ ᠳᠠᠶ᠋ᠢᠴᠢᠯᠠᠨ ᠠᠯᠪᠠᠨ ᠵᠢᠷᠤᠮ᠎ᠤᠨ ᠡᠮᠴᠢᠯᠡᠭᠡ᠂ ᠠᠯᠪᠠᠨ ᠵᠢᠷᠤᠮ᠎ᠤᠨ ᠬᠤᠳᠠᠯᠳᠤᠭ᠎ᠠ᠂ ᠬᠠᠤᠯᠢ ᠴᠠᠭ᠋ᠠᠵᠠ ᠵᠢᠨ ᠵᠥᠪᠯᠡᠯᠭᠡ᠂ ᠰᠡᠳᠬᠢᠴᠡ ᠵᠢᠨ ᠵᠢᠯᠣᠭᠣᠳᠤᠯᠭ᠎ᠠ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠡᠷᠭᠡ ᠠᠵᠢᠯᠯᠠᠭ᠎ᠠ ᠵᠢ ᠥᠷᠨᠢᠭᠦᠯᠵᠦ᠂ ᠨᠢᠭᠦᠯᠡᠰᠦᠩᠭᠦᠢ ᠵᠢᠨ ᠣᠢ᠌ᠯᠠᠭ᠋ᠠᠭᠳᠠᠬᠤᠨ᠎ᠢ ᠢᠳᠡᠪᠬᠢᠲᠡᠢ ᠤᠯᠠᠮᠵᠢᠯᠠᠨ᠂ ᠨᠢᠭᠦᠯᠡᠰᠦᠩᠭᠦᠢ ᠵᠢᠨ ᠮᠡᠳᠡᠯᠭᠡ ᠵᠢ ᠲᠦᠭᠡᠮᠡᠯᠵᠢᠭᠦᠯᠦᠨ᠂ ᠨᠢᠭᠦᠯᠡᠰᠦᠩᠭᠦᠢ ᠵᠢᠨ ᠰᠣᠶᠣᠯ᠎ᠢ ᠳᠡᠯᠭᠡᠷᠡᠭᠦᠯᠪᠡ᠃
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠨᠢᠭᠦᠯᠡᠰᠦᠩᠭᠦᠢ ᠵᠢᠨ ᠦᠢ᠍ᠯᠡᠰ᠎ᠲᠤ ᠭᠠᠷ ᠬᠣᠯᠪᠣᠨ ᠣᠷᠣᠯᠴᠠᠵᠤ ᠰᠠᠢ᠌ᠨ ᠰᠠᠢ᠌ᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠶ᠎ᠠ》 ᠭᠡᠬᠦ ᠭᠣᠣᠯ ᠰᠡᠳᠦᠪ᠎ᠤᠨ ᠲᠣᠭᠣᠷᠢᠨ᠎ᠳᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠂ ᠲᠥᠷᠥᠯ ᠵᠦᠢ᠍ᠯ᠎ᠤᠨ ᠦᠵᠡᠭᠦᠯᠦᠯᠭᠡ᠂ ᠰᠡᠳᠬᠢᠴᠡ ᠵᠢᠨ ᠵᠥᠪᠯᠡᠯᠭᠡ᠂ ᠬᠠᠤᠯᠢ ᠴᠠᠭ᠋ᠠᠵᠠ ᠵᠢᠨ ᠦᠢ᠍ᠯᠡᠴᠢᠯᠡᠭᠡ᠎ᠪᠠᠷ ᠠᠭᠤᠯᠭ᠎ᠠ ᠪᠣᠯᠭ᠋ᠠᠨ ᠨᠠᠢ᠍ᠮᠠᠳᠤᠭ᠋ᠠᠷ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠨᠢᠭᠦᠯᠡᠰᠦᠩᠭᠦᠢ ᠵᠢᠨ ᠰᠣᠶᠣᠯ᠎ᠢ ᠥᠷᠭᠡᠨ ᠵᠶ᠋ᠡᠷ ᠤᠯᠠᠮᠵᠢᠯᠠᠨ ᠲᠦᠭᠡᠮᠡᠯᠵᠢᠭᠦᠯᠵᠦ᠂ ᠬᠥᠮᠥᠨ ᠪᠣᠯᠭ᠋ᠠᠨ ᠨᠢᠭᠦᠯᠡᠰᠦᠩᠭᠦᠢ ᠵᠢᠨ ᠦᠢ᠍ᠯᠡᠰ᠎ᠤᠨ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠬᠤ᠎ᠳᠤ ᠬᠦᠴᠦᠨ ᠨᠡᠮᠡᠷᠢᠯᠡᠪᠡ᠃

ᠣᠷᠳᠣᠰ ᠬᠣᠲᠠ ᠵᠢᠨ᠎ᠬᠢᠨ ᠨᠠᠢ᠍ᠮᠠᠳᠡᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠪᠤᠯᠤᠨ 《ᠰᠠᠢ᠌ᠨ ᠦᠢ᠍ᠯᠨ᠎ᠪᠠᠷ ᠬᠤᠳᠠ᠎ᠪᠠᠨ ᠲᠤᠯᠠᠭ᠋ᠠᠯᠠᠬᠤ》 ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠨᠡᠷᠡᠲᠦ ᠲᠡᠮᠳᠡᠭ᠎ᠢ ᠨᠡᠢ᠌ᠲᠡᠯᠡᠬᠦ ᠶᠣᠰᠣᠯᠠᠯ᠎ᠢ ᠶᠠᠪᠤᠭᠳᠠᠭᠤᠯᠵᠤ᠂ ᠲᠤᠬᠠᠢ ᠵᠢᠨ ᠲᠠᠯᠠᠪᠤᠷ᠎ᠲᠤ 1940 ᠭᠠᠷᠤᠢ ᠲᠦᠮᠡᠨ ᠲᠥᠭᠥᠷᠢᠭ ᠬᠠᠨᠳᠢᠪᠯᠡᠨ ᠶᠠᠳᠠᠭᠤ ᠬᠦᠴᠢᠷᠳᠡᠯᠲᠡᠢ ᠭᠡᠷ ᠪᠦᠯᠢ ᠵᠢᠨ ᠴᠢᠰᠤ ᠴᠠᠢ᠌ᠬᠤ ᠡᠪᠡᠳᠴᠢᠨ᠎ᠲᠠᠢ ᠬᠡᠦᠬᠡᠳ᠂ ᠬᠦᠴᠢᠷᠳᠡᠯ᠎ᠳᠤ ᠲᠤᠯᠭ᠋ᠠᠷᠠᠭᠰᠠᠨ ᠡᠮᠡᠭᠲᠡᠢ᠌ᠴᠦᠳ ᠬᠡᠦᠬᠡᠳ᠎ᠲᠤ ᠨᠢᠭᠦᠯᠡᠰᠦᠩᠭᠦᠢ ᠵᠢᠨ ᠲᠤᠰᠠᠯᠠᠮᠵᠢ ᠦᠵᠡᠬᠦᠯᠵᠤ᠂ 《ᠬᠣᠲᠠ᠎ᠪᠠᠨ ᠲᠤᠯᠠᠭ᠋ᠠᠯᠠᠬᠤ》 ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠨᠠᠷᠠᠲᠤ ᠲᠥᠷᠥᠯ ᠲᠡᠮᠳᠡᠭᠲᠦ ᠵᠢ ᠨᠡᠢ᠌ᠲᠡᠯᠡᠵᠦ᠂ ᠣᠷᠳᠣᠰ ᠬᠣᠲᠠ ᠵᠢᠨ 《ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠬᠣᠯᠪᠣᠭ᠎ᠠ》 ᠵᠢ ᠪᠠᠢ᠌ᠭᠤᠯᠵᠤ᠂ ᠨᠢᠭᠦᠯᠡᠰᠦᠩᠭᠦᠢ ᠵᠢᠨ ᠡᠬᠢ ᠪᠠᠶᠠᠯᠢᠭ᠎ᠢ ᠲᠥᠪᠯᠡᠷᠡᠭᠦᠯᠬᠦ᠂ ᠨᠢᠭᠦᠯᠡᠰᠦᠩᠭᠦᠢ ᠵᠢᠨ ᠬᠦᠴᠦᠨ᠎ᠢ ᠨᠢᠭᠲᠠᠷᠠᠭᠤᠯᠬᠤ᠂ ᠨᠢᠭᠦᠯᠡᠰᠦᠩᠭᠦᠢ ᠵᠢᠨ ᠰᠠᠭᠤᠷᠢ ᠵᠢ ᠪᠠᠲᠤᠳᠬᠠᠬᠤ᠂ ᠬᠠᠮᠲᠤ᠎ᠪᠠᠷ ᠪᠠᠶᠠᠵᠢᠬᠤ᠎ᠳᠤ ᠬᠦᠴᠦᠨ ᠨᠡᠮᠡᠷᠢᠯᠡᠬᠦ ᠲᠠᠯ᠎ᠠ᠎ᠪᠠᠷ ᠠᠬᠢᠭᠤᠯᠬᠤ ᠦᠢ᠍ᠯᠡᠳᠦᠯ ᠦᠵᠡᠭᠦᠯᠪᠡ᠃