ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠠᠶᠤᠯ᠎ᠠᠴᠠ ᠠᠪᠤᠷᠠᠵᠤ ᠬᠦᠴᠢᠷᠳᠡᠯᠳᠡᠢ᠌ᠴᠤᠳᠲᠤ ᠲᠤᠰᠠᠯᠠᠬᠤ ᠪᠣᠯ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠠᠢ᠌ᠬᠠᠨ ᠰᠤᠷᠲᠠᠯ ᠮᠥᠨ᠃ ᠮᠠᠨ᠎ᠤ ᠤᠯᠤᠰ᠎ᠤᠨ ᠨᠠᠢ᠍ᠮᠠᠳᠠᠭᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》 ᠬᠦᠷᠴᠦ ᠢᠷᠡᠬᠦ ᠲᠠᠰᠢᠷᠠᠮ ᠵᠶ᠋ᠡᠷ ᠮᠠᠨ᠎ᠤ ᠣᠷᠣᠨ᠎ᠤ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠠᠭᠤᠯᠭ᠎ᠠ ᠪᠠᠶᠠᠯᠢᠭ᠂ ᠬᠡᠯᠪᠡᠷᠢ ᠣᠯᠠᠨ ᠶᠠᠩᠵᠤ ᠵᠢᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠨᠢᠭᠦᠯᠡᠰᠦᠩᠭᠦᠢ ᠵᠢᠨ ᠰᠣᠶᠣᠯ᠎ᠢ ᠤᠯᠠᠮ ᠪᠠᠳᠠᠷᠠᠭᠤᠯᠤᠨ᠂ ᠨᠢᠭᠦᠯᠡᠰᠦᠩᠭᠦᠢ ᠵᠢᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠨᠢᠭᠦᠯᠡᠰᠦᠩᠭᠦᠢ ᠵᠢᠨ ᠬᠠᠯᠠᠭᠤᠨ ᠰᠡᠳᠬᠢᠯᠭᠡ ᠵᠢ ᠬᠥᠭᠵᠢᠭᠡᠨ᠂ ᠥᠭᠡᠳᠡᠯᠡᠨ ᠳᠠᠪᠰᠢᠬᠤ ᠵᠥᠪ ᠣᠨᠣᠪᠴᠢᠲᠠᠶ ᠬᠦᠴᠦᠨ ᠴᠢᠳᠠᠯ᠎ᠢ ᠨᠠᠩ ᠰᠠᠢ᠌ᠲᠤᠷ ᠨᠢᠭᠲᠠᠷᠠᠭᠤᠯᠵᠤ᠂ 《ᠬᠥᠮᠥᠨ ᠪᠣᠯᠭ᠋ᠠᠨ ᠨᠢᠬᠦᠯᠡᠰᠤᠡᠭᠭᠦᠢ ᠵᠢᠨ ᠦᠢ᠍ᠯᠡᠰ᠎ᠲᠤ ᠤᠷᠤᠯᠴᠠᠬᠤ》 ᠪᠠᠢ᠌ᠷᠢᠰᠢᠯ᠎ᠢ ᠬᠦᠴᠦᠯᠡᠨ ᠪᠣᠶ ᠪᠣᠯᠭ᠋ᠠᠵᠤ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠮᠠᠭᠲᠠᠭ᠋ᠠᠯ ᠰᠠᠢ᠌ᠰᠢᠶᠠᠯ᠎ᠢ ᠣᠯᠣᠭᠰᠠᠨ ᠪᠠᠢ᠌ᠨ᠎ᠠ᠃
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠭᠠᠷ ᠬᠣᠯᠪᠣᠨ ᠨᠢᠭᠦᠯᠡᠰᠦᠩᠭᠦᠢ ᠵᠢᠨ ᠦᠢ᠍ᠯᠡᠰ᠎ᠲᠤ ᠣᠷᠣᠯᠴᠠᠵᠤ᠂ ᠰᠠᠢ᠌ᠨ ᠰᠠᠢ᠌ᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠶ᠎ᠠ》 ᠭᠡᠬᠦ ᠭᠣᠣᠯ ᠰᠡᠳᠦᠪ᠎ᠤᠨ ᠲᠣᠭᠣᠷᠢᠨ᠎ᠳᠤ ᠤᠬᠠᠭᠤᠯᠭ᠎ᠠ ᠵᠢᠨ ᠠᠷᠭ᠎ᠠ ᠵᠢᠨ ᠰᠢᠨ᠎ᠡ ᠵᠢ ᠡᠭᠦᠳᠬᠦ᠂ ᠤᠬᠠᠭᠤᠯᠭ᠎ᠠ ᠵᠢᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠨᠢᠭᠦᠯᠡᠰᠦᠩᠭᠦᠢ ᠵᠢᠨ ᠥᠯᠢᠭᠡᠷ᠎ᠢ ᠰᠠᠢ᠌ᠲᠤᠷ ᠶᠠᠷᠢᠬᠤ᠂ ᠨᠢᠭᠦᠯᠡᠰᠦᠩᠭᠦᠢ ᠵᠢᠨ ᠬᠠᠨᠳᠢᠪᠯᠡᠯ ᠥᠷᠨᠢᠭᠦᠯᠬᠦ ᠵᠡᠷᠭᠡ ᠲᠠᠯ᠎ᠠ᠎ᠪᠠᠷ ᠬᠦᠴᠦᠯᠡᠵᠦ᠂ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠪᠥᠬᠥ ᠬᠣᠲᠠ ᠵᠢᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠬᠢᠭᠡᠳ ᠨᠡᠢ᠌ᠭᠡᠮ᠎ᠤᠨ ᠠᠵᠢᠯ᠎ᠤᠨ ᠥᠷᠲᠡᠭᠡ ᠵᠢᠨ᠎ᠬᠢᠨ᠎ᠢ ᠵᠣᠬᠢᠶᠠᠨ ᠪᠠᠢ᠌ᠭᠤᠯᠤᠨ ᠵᠢᠯᠤᠭᠣᠳᠴᠤ ᠪᠠᠢ᠌ᠭ᠋ᠠᠳ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠨᠢᠭᠦᠯᠡᠰᠦᠩᠭᠦᠢ ᠵᠢᠨ ᠮᠡᠳᠡᠯᠭᠡ ᠪᠠ ᠨᠢᠭᠦᠯᠡᠰᠦᠩᠭᠦᠢ ᠵᠢᠨ ᠤᠢ᠌ᠯᠠᠭ᠋ᠠᠬᠳᠠᠬᠤᠨ᠎ᠢ ᠪᠦᠲᠦᠮᠵᠢᠲᠡᠶ ᠤᠯᠠᠮᠵᠢᠯᠠᠪᠠ᠃

ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠡᠯ᠎ᠡ ᠬᠣᠰᠢᠭᠤ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠰᠢᠶᠠᠩ ᠪᠠᠯᠭ᠋ᠠᠰᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠠᠵᠢᠯ᠎ᠤᠨ ᠥᠷᠲᠡᠭᠡ ᠵᠡᠷᠭᠡ ᠡᠯ᠎ᠡ ᠲᠠᠯ᠎ᠠ ᠵᠢᠨ ᠬᠦᠴᠦᠨ᠎ᠢ ᠳᠠᠶ᠋ᠢᠴᠢᠯᠠᠵᠤ᠂ ᠬᠡᠷ᠎ᠲᠤ᠎ᠨᠢ ᠬᠦᠷᠴᠤ ᠪᠠᠢ᠌ᠳᠠᠯ᠎ᠢ ᠤᠢ᠌ᠯᠠᠭᠬᠤ᠂ ᠡᠷᠡᠭᠦᠯ ᠮᠡᠨᠳᠤ ᠵᠢᠨ ᠲᠠᠢ᠌ᠯᠤᠮᠵᠢ ᠬᠢᠬᠦ᠂ ᠨᠢᠭᠦᠯᠡᠰᠦᠩᠭᠦᠢ ᠵᠢᠨ ᠦᠢ᠍ᠯᠡᠰ᠎ᠤᠨ ᠬᠠᠨᠳᠢᠪᠯᠡᠯ᠂ ᠵᠡᠮᠳᠡᠭᠴᠦᠳ᠎ᠤᠨ ᠭᠠᠷ ᠤᠷᠠᠯᠠᠯ᠎ᠤᠨ ᠠᠯᠪᠠᠨ ᠵᠢᠷᠤᠮ᠎ᠤᠨ ᠬᠤᠳᠠᠯᠳᠤᠭ᠎ᠠ ᠪᠠ ᠰᠣᠷᠭᠣᠭ ᠴᠡᠴᠡᠭ᠎ᠤᠨ ᠠᠯᠪᠠᠨ ᠵᠢᠷᠤᠮ᠎ᠤᠨ ᠬᠤᠳᠠᠯᠳᠤᠭ᠎ᠠ ᠵᠡᠷᠭᠡ ᠠᠵᠢᠯᠯᠠᠭ᠎ᠠ ᠵᠢ ᠥᠷᠨᠢᠭᠦᠯᠦᠭᠰᠡᠨ᠎ᠤ ᠬᠠᠮᠲᠤ ᠣᠶᠤᠨᠲᠤ ᠲᠣᠮᠣ ᠳᠡᠯᠭᠡᠴᠡ᠂ ᠤᠷᠠᠨ ᠰᠠᠢ᠌ᠬᠠᠨ᠎ᠤ ᠲᠣᠭᠯᠠᠯᠲᠠ ᠵᠡᠷᠭᠡ ᠤᠯᠠᠨ ᠬᠡᠯᠪᠡᠷᠢ᠎ᠪᠠᠷ 《ᠪ᠊ ᠊ᠥ᠋ᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》 ᠵᠢ ᠢᠳᠡᠪᠬᠢᠲᠡᠢ ᠤᠬᠠᠭᠤᠯᠵᠤ᠂ ᠡᠯ᠎ᠡ ᠲᠦᠷᠦᠯ᠎ᠤᠨ ᠨᠢᠭᠦᠯᠡᠰᠦᠩᠭᠦᠢ ᠵᠢᠨ ᠵᠦᠢ᠍ᠯᠡᠰ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠪᠦᠬᠦ ᠨᠡᠢ᠌ᠭᠡᠮ᠎ᠤᠨ ᠬᠠᠤᠯᠢ ᠶᠣᠰᠣᠭ᠋ᠠᠷ ᠪᠤᠶᠠᠨ ᠦᠢ᠍ᠯᠡᠳᠬᠦ ᠪᠠ ᠪᠦᠬᠦ ᠠᠷᠠᠳ᠎ᠤᠨ ᠨᠢᠭᠦᠯᠡᠰᠦᠩᠭᠦᠢ ᠵᠢᠨ ᠤᠬᠠᠮᠰᠠᠷ᠎ᠢ ᠦᠨᠡᠨ ᠬᠦ᠌ ᠴᠢᠩᠭ᠋ᠠᠳᠬᠠᠪᠠ᠃

ᠪᠠᠶᠠᠨᠨᠠᠭᠤᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠠᠶᠠᠨᠨᠠᠭᠤᠷ ᠬᠣᠲᠠ ᠵᠢᠨ ᠨᠢᠭᠦᠯᠡᠰᠦᠩᠭᠦᠢ ᠵᠢᠨ ᠬᠤᠯᠪᠤᠭ᠎ᠠ᠂ ᠪᠠᠶᠠᠨᠨᠠᠭᠤᠷ ᠬᠣᠲᠠ ᠵᠢᠨ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠬᠠᠮᠢᠶᠠᠷᠤᠯᠲᠠ ᠵᠢᠨ ᠲᠥᠪ ᠤᠨ᠎ᠬᠢᠨ᠎ᠲᠠᠢ ᠬᠠᠮᠲᠤᠷᠠᠨ 《ᠨᠢᠭᠦᠯᠡᠰᠦᠩᠭᠦᠢ ᠵᠢᠨ ᠦᠢ᠍ᠯᠡᠰ᠎ᠲᠤ ᠭᠠᠷ ᠬᠣᠯᠪᠣᠨ ᠣᠷᠣᠯᠴᠠᠵᠤ ᠰᠠᠢ᠌ᠨ ᠰᠠᠢ᠌ᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠶ᠎ᠠ》 ᠭᠡᠬᠦ ᠠᠩᠬᠠᠳᠤᠭ᠋ᠠᠷ ᠬᠤᠭᠤᠴᠠᠭ᠋ᠠᠨ᠎ᠤ ᠨᠢᠭᠦᠯᠡᠰᠦᠩᠭᠦᠢ ᠵᠢᠨ ᠦᠳᠡᠰᠢᠯᠡᠭᠡ ᠡᠷᠭᠢᠯᠡᠪᠡ᠃ ᠤᠷᠠᠨ ᠰᠠᠢ᠌ᠬᠠᠨ᠎ᠤ ᠲᠣᠭᠯᠠᠯᠲᠠ ᠭᠠᠷᠭ᠋ᠠᠬᠤ᠂ ᠬᠠᠨᠳᠢᠪᠯᠡᠬᠤ᠂ ᠨᠢᠭᠦᠯᠡᠰᠦᠩᠭᠦᠢ ᠵᠢᠨ ᠬᠥᠬᠢᠭᠦᠯᠦᠨ ᠰᠠᠢ᠌ᠰᠢᠶᠠᠬᠤ ᠵᠢ ᠤᠶᠠᠯᠳᠤᠭᠤᠯᠬᠤ ᠠᠷᠭ᠎ᠠ ᠪᠠᠷ ᠠᠷᠠᠳ᠎ᠤᠨ ᠲᠦᠯᠤᠬᠡᠬᠢ ᠨᠢᠭᠦᠯᠡᠰᠦᠩᠭᠦᠢ ᠵᠢᠨ ᠣᠢ᠌ᠯᠠᠭ᠋ᠠᠭᠳᠠᠬᠤᠨ ᠪᠠ ᠳᠤᠮᠳᠠᠳᠤ ᠵᠢᠨ ᠤᠯᠠᠮᠵᠢᠯᠠᠯᠲᠤ ᠨᠢᠭᠦᠯᠡᠰᠦᠩᠭᠦᠢ ᠵᠢᠨ ᠵᠣᠷᠢᠭ ᠰᠠᠨᠠᠭ᠎ᠠ ᠵᠢ ᠦᠵᠡᠭᠦᠯᠵᠦ᠂ ᠰᠠᠢ᠌ᠨ ᠦᠨᠡᠯᠡᠯᠲᠡ ᠣᠯᠣᠭᠰᠠᠨ ᠪᠠᠢ᠌ᠨ᠎ᠠ᠃
ᠨᠠᠢ᠍ᠮᠠᠳᠠᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》 ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠳᠤᠮᠳᠠ ᠦᠬᠠᠢ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠨᠠᠰᠤᠳᠠᠳ ᠬᠡᠤᠬᠡᠳ᠂ ᠬᠦᠴᠢᠷᠳᠡᠯᠳᠡᠢ᠌ᠴᠤᠳ ᠵᠡᠮᠳᠡᠭᠴᠦᠳ》᠂ ᠦᠨᠳᠦᠰᠦᠨ ᠱᠠᠲᠤᠨ᠎ᠤ ᠵᠠᠰᠠᠯᠲᠠ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠰᠠᠢ᠌ᠨ ᠲᠤᠷᠠᠴᠤᠤᠯ ᠢ ᠬᠣᠯᠪᠣᠬᠤ᠎ᠪᠠᠷ ᠳᠠᠮᠵᠢᠭᠤᠯᠵᠤ᠂ ᠠᠶᠤᠯ᠎ᠠᠴᠠ ᠠᠪᠤᠷᠠᠵᠤ ᠬᠦᠴᠢᠷᠳᠡᠯᠳᠡᠢ᠌ᠴᠤᠳᠢ ᠲᠤᠰᠠᠯᠠᠬᠤ᠂ ᠨᠠᠰᠤᠲᠠᠨ᠎ᠢ ᠠᠮᠤᠷᠵᠢᠭᠤᠯᠵᠤ ᠥᠨᠥᠴᠢᠨ ᠬᠡᠦᠬᠡᠳ᠎ᠢ ᠲᠤᠰᠠᠯᠠᠬᠤ᠂ ᠡᠮ ᠡᠮᠨᠡᠯᠭᠡ ᠵᠢᠨ ᠠᠪᠤᠷᠠᠨ ᠲᠤᠰᠠᠯᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠨᠢᠭᠦᠯᠡᠰᠦᠩᠭᠦᠢ ᠵᠢᠨ ᠬᠠᠪᠰᠤᠷᠤᠨ ᠲᠡᠳᠬᠦᠬᠦ ᠲᠦᠷᠦᠯ ᠵᠦᠢ᠍ᠯ᠎ᠢ ᠬᠡᠷᠡᠭᠵᠢᠭᠦᠯᠦᠭᠡᠳ ᠮᠠᠰᠢ ᠰᠠᠢ᠌ᠨ ᠦᠷ᠎ᠡ ᠪᠦᠲᠦᠮᠵᠢ ᠣᠯᠵᠠᠢ᠃