ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ᠎ᠬᠢᠨ 9 ᠳ᠋ᠤᠬᠡᠷ ᠰᠠᠷ᠎ᠠ ᠵᠢᠨ 15᠎ᠤ ᠡᠳᠦᠷ᠎ᠤᠨ ᠦᠳᠡ ᠵᠢᠨ ᠡᠮᠦᠨ᠎ᠡ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠨᠡᠢ᠌ᠭᠡᠮ᠎ᠤᠨ ᠡᠯ᠎ᠡ ᠡᠲᠡᠭᠡᠳ᠎ᠲᠤ ᠥᠪᠡᠷᠲᠡᠭᠡᠨ ᠵᠠᠰᠠᠬᠤ ᠣᠷᠣᠨ᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠭ᠋ᠠᠳ ᠣᠯᠣᠭᠰᠠᠨ ᠠᠬᠢᠯᠲᠠ ᠵᠢᠨ ᠦᠷ᠎ᠡ ᠪᠦᠳᠤᠬᠡᠯ᠎ᠢ ᠲᠠᠨᠢᠯᠴᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠰᠢᠩ ᠭᠠᠩ ᠨᠥᠬᠥᠷ ᠭᠣᠣᠯ ᠰᠡᠳᠦᠪ᠎ᠢ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠣᠯᠪᠣᠭ᠎ᠠ ᠵᠡᠷᠭᠡ 5 ᠨᠢᠬᠡᠴᠢ ᠵᠢᠨ᠎ᠬᠢᠨ ᠵᠠᠭᠤᠴᠢᠯᠠᠭᠤᠷ ᠪᠣᠯᠣᠨ ᠨᠡᠢ᠌ᠭᠡᠮ᠎ᠤᠨ ᠠᠩᠬᠠᠷᠴᠤ ᠪᠠᠢ᠌ᠭ᠎ᠠ ᠠᠰᠠᠭᠤᠯᠲᠠ ᠵᠢ ᠬᠠᠷᠢᠭᠤᠯᠤᠬᠰᠠᠨ ᠪᠠᠢ᠌ᠨ᠎ᠠ᠃