ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠶ᠋ᠢᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ ᠵᠢᠨ ᠬᠡᠪᠴᠢᠶ᠎ᠡ ᠵᠢ ᠬᠦᠴᠦᠲᠡᠶ ᠠᠷᠭ᠎ᠠ᠎ᠪᠠᠷ ᠥᠷᠭᠡᠳᠬᠡᠨ ᠦᠷ᠎ᠡ ᠠᠰᠢᠭ᠎ᠢ ᠨᠡᠮᠡᠭᠳᠡᠬᠦᠯᠵᠤ ᠪᠠᠢ᠌ᠨ᠎ᠠ
ᠨᠡᠶᠢᠲᠡᠯᠡᠭᠰᠡᠨ ᠴᠠᠭ᠄ 2023-09-21

   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 9 ᠳ᠋ᠣᠭᠡᠷ ᠰᠠᠷ᠎ᠠ ᠵᠢᠨ 8᠎ᠤ ᠡᠳᠦᠷ ᠸᠢᠳᠢᠤ᠋ ᠬᠤᠷᠠᠯ ᠬᠤᠷᠠᠯᠳᠤᠭᠤᠯᠵᠤ᠂ ᠪᠥᠬᠥ ᠣᠷᠣᠨ᠎ᠤ ᠨᠡᠶ᠋ᠢᠭᠡᠮ᠎ᠤᠨ ᠲᠤᠰᠠᠯᠠᠮᠵᠢ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠬᠠᠮᠢᠶ᠎ᠠ ᠪᠥᠬᠥᠶ ᠠᠵᠢᠯ᠎ᠢ ᠲᠤᠬᠢᠷᠠᠭᠤᠯᠪᠠ᠃
    ᠬᠤᠷᠠᠯ᠎ᠠᠴᠠ ᠵᠢᠭ᠋ᠠᠬᠰᠠᠨ᠎ᠨᠢ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠡᠷᠭᠡ ᠨᠡᠶ᠋ᠢᠭᠡᠮ᠎ᠤᠨ  ᠲᠤᠰᠠᠯᠠᠮᠵᠢ  ᠵᠢᠨ ᠬᠡᠪᠴᠢᠶ᠎ᠡ ᠵᠢ ᠬᠦᠴᠤᠳᠠᠢ ᠠᠷᠭ᠎ᠠ᠎ᠪᠠᠷ ᠥᠷᠭᠡᠳᠬᠡᠨ ᠦᠷ᠎ᠡ ᠠᠰᠢᠭ᠎ᠢ ᠨᠡᠮᠡᠭᠳᠡᠬᠦᠯᠵᠤ᠂ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠬᠣᠷᠢᠭ᠎ᠠ ᠱᠤᠭᠤᠮ᠎ᠢ ᠦᠨᠡᠨ ᠬᠦ᠌᠂ ᠣᠨᠣᠪᠴᠢᠲᠠᠢ᠂ ᠰᠠᠶ᠋ᠢᠲᠤᠷ ᠪᠠᠲᠤᠯᠠᠬᠤ ᠬᠡᠷᠡᠭᠲᠡᠢ᠃ ᠨᠢᠭᠡ᠎ᠳᠤ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠳᠥᠷᠪᠡᠨ ᠶᠠᠮᠤᠨ ᠬᠣᠷᠢᠶ᠎ᠠ ᠵᠢᠨ 《ᠨᠠᠭ᠋ᠠᠳᠤ ᠵᠠᠬ᠎ᠠ ᠵᠢᠨ ᠠᠮᠢᠳᠤᠷᠠᠯ᠎ᠤᠨ  ᠪᠠᠲᠤᠯᠠᠭ᠎ᠠ ᠵᠡᠷᠭᠡ ᠨᠡᠶ᠋ᠢᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ ᠵᠢᠨ ᠠᠵᠢᠯ᠎ᠢ ᠤᠯᠠᠮ ᠰᠠᠢ᠌ᠲᠤᠷ ᠬᠢᠬᠦ ᠲᠤᠬᠠᠢ ᠮᠡᠳᠡᠭᠳᠡᠯ》᠎ᠤᠨ ᠵᠣᠷᠢᠭ ᠰᠠᠨᠠᠭ᠎ᠠ ᠵᠢ ᠨᠠᠢ᠌ᠳᠠᠪᠦᠷᠢᠵᠢᠭᠤᠯᠤᠨ᠂ ᠮᠠᠭ᠋ᠠᠳᠯᠠᠨ ᠲᠣᠭᠲᠠᠭ᠋ᠠᠬᠤ ᠠᠷᠭ᠎ᠠ ᠵᠢ ᠴᠠᠭ ᠲᠤᠬᠠᠶ᠎ᠳᠤ᠎ᠨᠢ ᠵᠠᠰᠠᠨ ᠲᠡᠭᠦᠯᠳᠡᠷᠵᠢᠭᠦᠯᠵᠦ᠂ 《ᠭᠠᠭᠴᠠ ᠬᠥᠮᠦᠨ᠎ᠲᠠᠢ ᠡᠷᠦᠬᠡ》 《ᠨᠠᠭ᠋ᠠᠳᠤ ᠵᠠᠬ᠎ᠠ ᠵᠢᠨ ᠪᠠᠲᠤᠯᠠᠭ᠎ᠠ ᠎ᠠᠴᠠ ᠢᠳᠡᠭ ᠢᠳᠡᠭ ᠵᠶ᠋ᠠᠷ ᠭᠠᠷᠭ᠋ᠠᠬᠤ》 《ᠠᠵᠢᠯ ᠤᠯᠭᠤᠬᠤ ᠡᠬᠡ ᠪᠡᠨ᠎ᠡ ᠵᠢ ᠬᠠᠰᠤᠬᠤ》 《ᠨᠠᠰᠤᠨ᠎ᠳᠤ ᠬᠦᠷᠦᠭᠰᠡᠨ ᠠᠵᠢᠯ ᠥᠬᠡᠶ ᠨᠤᠴᠢᠳᠠᠢ ᠵᠡᠮᠳᠡᠭᠴᠦᠳ᠎ᠢ 〈ᠭᠠᠭᠴᠠ ᠬᠥᠮᠦᠨ᠎ᠲᠠᠢ ᠡᠷᠦᠬᠡ〉 ᠵᠢ ᠪᠤᠳᠤᠯᠭ᠎ᠠ ᠵᠢ ᠦᠨᠳᠦᠰᠦᠯᠡᠨ  ᠭᠤᠶᠤᠴᠢᠯᠠᠬᠤ 》 《ᠪᠠᠴᠢᠮ ᠪᠡᠷᠬᠡ ᠤᠴᠢᠷ ᠲᠤᠯᠭ᠋ᠠᠷᠠᠭᠰᠠᠨ ᠭᠠᠵᠠᠷ᠎ᠲᠤ᠎ᠨᠢ ᠰᠢᠭᠤᠳ ᠲᠦᠷ ᠴᠠᠭ᠎ᠤᠨ ᠲᠤᠰᠠᠯᠠᠮᠵᠢ ᠦᠵᠡᠬᠦᠯᠬᠦ》 ᠵᠡᠷᠭᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠢᠭᠡᠳᠦᠯᠲᠡᠶ ᠲᠥᠯᠥᠪᠯᠡᠨ ᠨᠠᠶ᠋ᠢᠳᠠᠪᠤᠷᠢᠵᠢᠭᠤᠯᠬᠤ ᠵᠢᠨ ᠬᠠᠮᠲᠤ ᠠᠵᠢᠯ ᠣᠯᠭᠣᠯᠲᠠ ᠵᠢᠨ ᠪᠠᠶ᠋ᠢᠳᠠᠯ ᠵᠡᠷᠭᠡ ᠬᠦᠴᠦᠨ  ᠵᠤᠢ᠌ᠯ᠎ᠢ  ᠭᠦᠢ᠍ᠴᠡᠳ ᠪᠣᠳᠣᠯᠬᠢᠯᠠᠵᠤ᠂ ᠣᠷᠣᠯᠭ᠎ᠠ ᠵᠢᠨ ᠲᠣᠭ᠋ᠠᠴᠠᠭ᠎ᠠ ᠬᠢᠬᠦ ᠠᠷᠭ᠎ᠠ ᠬᠡᠯᠪᠡᠷᠢ ᠪᠠ ᠬᠡᠷ ᠪᠦᠯᠢ ᠵᠢᠨ ᠠᠵᠤ ᠠᠬᠤᠶ ᠵᠢᠨ ᠪᠠᠶ᠋ᠢᠳᠠᠯ᠎ᠢ  ᠦᠨᠡᠯᠡᠵᠤ ᠲᠤᠬᠳᠠᠭ᠋ᠠᠬᠤ ᠵᠡᠷᠬᠡ ᠠᠵᠢᠯ᠎ᠢ ᠲᠡᠬᠦᠯᠳᠡᠷᠵᠢᠬᠦᠯᠤᠨ᠂ ᠨᠡᠢ᠌ᠭᠡᠮ᠎ᠤᠨ  ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠦᠨᠡᠨ ᠬᠦ᠌ ᠬᠡᠷᠡᠭᠵᠢᠭᠦᠯᠵᠦ ᠪᠠᠢ᠌ᠭ᠋ᠠᠳ ᠲᠤᠰᠠᠯᠠᠮᠵᠢ ᠵᠢᠨ ᠦᠢ᠍ᠯᠡᠴᠢᠯᠡᠭᠡ ᠵᠢᠨ ᠴᠢᠳᠠᠮᠵᠢ ᠵᠢ ᠳᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠣᠶᠠᠷ᠎ᠲᠤ᠂ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ 《ᠪᠣᠭᠣᠮᠲᠠ ᠰᠢᠪᠲᠤᠯᠬᠤ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠵᠦ᠂ ᠵᠡᠮᠳᠡᠭᠴᠦᠳ᠎ᠤᠨ  ᠬᠤᠯᠪᠤᠭ᠎ᠠ᠂ ᠠᠵᠢᠯᠴᠢᠨ᠎ᠤ ᠶᠡᠷᠦᠩᠬᠡᠢ ᠡᠪᠯᠡᠯ ᠵᠡᠷᠭᠡ ᠰᠠᠯᠠᠭ᠎ᠠ ᠮᠥᠴᠢᠷ᠎ᠯᠦᠭᠡ ᠮᠡᠳᠡᠭᠡ ᠵᠠᠩᠭᠢ ᠵᠢ ᠬᠤᠪᠢᠶᠠᠯᠴᠠᠬᠤ ᠡᠷᠴᠢᠮ ᠵᠶ᠋ᠡᠨ ᠴᠢᠩᠭ᠋ᠠᠳᠬᠠᠵᠤ᠂ ᠨᠤᠴᠢᠳᠠᠢ ᠵᠡᠮᠳᠡᠭᠴᠦᠳ᠂ ᠬᠦᠨᠳᠦ ᠡᠪᠡᠳᠴᠢᠲᠡᠨ᠂ ᠲᠠᠬᠢᠨ ᠶᠠᠳᠠᠭᠤᠷᠠᠬᠤ᠎ᠠᠴᠠ᠎ᠨᠢ ᠰᠡᠷᠬᠡᠢ᠌ᠯᠡᠵᠤ ᠬᠢᠨᠠᠯᠳᠠ᠎ᠳᠤ ᠪᠠᠢ᠌ᠭ᠎ᠠ ᠬᠦᠮᠦᠰ᠂ ᠬᠦᠴᠢᠷᠳᠡᠯᠲᠡᠢ ᠠᠵᠢᠯᠳᠠᠨ ᠵᠡᠷᠭᠡ 7 ᠲᠦᠷᠦᠯ᠎ᠤᠨ ᠭᠣᠣᠯᠳᠠᠯᠭ᠎ᠠ᠎ᠲᠠᠢ ᠬᠦᠮᠦᠰ᠎ᠢ ᠴᠢᠩᠭ᠎ᠠ ᠠᠩᠬᠠᠷᠴᠤ᠂ 《ᠲᠣᠮᠣ ᠳ᠋ᠠᠶ᠋ᠢᠲ᠋ᠠ +  ᠭᠠᠡᠭ ᠲᠦᠷᠤᠬᠡ (铁脚板)》 ᠵᠢ ᠠᠰᠢᠭᠯᠠᠨ ᠠᠢ᠌ᠯ ᠳᠠᠷᠠᠭ᠋ᠠᠯᠠᠨ ᠬᠦᠮᠦᠨ ᠪᠤᠯᠭ᠋ᠠᠨ᠎ᠢ ᠪᠠᠢ᠌ᠴᠠᠭ᠋ᠠᠵᠤ᠂ ᠨᠥᠬᠥᠴᠡᠯ᠎ᠳᠤ ᠨᠡᠢ᠌ᠴᠡᠭᠰᠡᠳ᠎ᠢ  ᠲᠤᠰᠠᠯᠠᠮᠵᠢ ᠵᠢᠨ ᠬᠡᠪᠴᠢᠶᠡᠨ᠎ᠳᠤ  ᠴᠠᠭ ᠲᠤᠬᠠᠶ᠎ᠳᠤ᠎ᠨᠢ ᠤᠷᠤᠭᠤᠯᠤᠨ᠂ ᠨᠡᠶ᠋ᠢᠭᠡᠮ᠎ᠤᠨ ᠶᠣᠰᠣ ᠮᠣᠷᠠᠯ ᠪᠠ ᠰᠡᠳᠬᠢᠴᠡ ᠵᠢᠨ ᠬᠣᠷᠢᠭ᠎ᠠ ᠱᠤᠭᠤᠮ᠎ᠳᠤ ᠬᠠᠯᠳᠠᠭᠰᠠᠨ ᠬᠡᠷᠡᠭ ᠡᠭᠦᠰᠬᠦ᠎ᠠᠴᠠ  ᠰᠡᠷᠭᠡᠢ᠌ᠯᠡᠬᠦ ᠬᠡᠷᠡᠭᠲᠡᠢ᠃ ᠭᠤᠷᠪᠠ᠎ᠳᠤ᠂ ᠦᠨᠳᠦᠰᠦᠨ ᠱᠠᠲᠤᠨ᠎ᠤ ᠨᠡᠶ᠋ᠢᠭᠡᠮ᠎ᠤᠨ ᠲᠤᠰᠠᠯᠠᠮᠵᠢ ᠠᠵᠢᠯ᠎ᠤᠨ ᠰᠠᠭᠤᠷᠢ ᠵᠢ ᠪᠡᠬᠢᠵᠢᠭᠦᠯᠵᠦ᠂  ᠬᠦᠴᠢᠷᠳᠡᠯᠲᠡᠶ ᠣᠯᠠᠨ ᠲᠦᠮᠡᠨ᠎ᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠤᠨ ᠵᠣᠬᠢᠴᠠᠭᠤᠯᠬᠤ ᠰᠢᠶᠠᠨ᠎ᠤ ᠱᠠᠲᠤᠨ᠎ᠤ ᠲᠣᠭᠲᠠᠴᠠ ᠵᠢᠨ  ᠦᠢ᠍ᠯᠡᠳᠤᠯ᠎ᠢ  ᠭᠦᠢ᠍ᠴᠡᠳ ᠪᠠᠳᠠᠷᠠᠭᠤᠯᠤᠨ᠂ ᠲᠣᠭ᠎ᠠ ᠪᠠᠷᠢᠮᠲᠠ ᠵᠢ ᠬᠤᠪᠢᠶᠠᠯᠴᠠᠵᠤ ᠬᠠᠷᠢᠴᠠᠭᠤᠯᠬᠤ ᠠᠵᠢᠯ᠎ᠢ ᠴᠢᠩᠭ᠋ᠠᠳᠬᠠᠵᠤ᠂ ᠲᠤᠰᠠᠯᠠᠮᠵᠢ ᠵᠢᠨ ᠬᠦᠴᠤᠨ᠎ᠢ ᠨᠢᠬᠳᠠᠷᠠᠭᠤᠯᠵᠤ᠂ ᠨᠡᠶ᠋ᠢᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠋ᠠᠨ᠎ᠳᠤ᠎ᠬᠢ 《ᠴᠢᠳᠠᠪᠤᠷᠢ᠎ᠪᠠᠨ ᠳᠡᠭᠡᠭᠰᠢᠯᠡᠭᠦᠯᠦᠨ ᠰᠢᠯᠢᠳᠡᠭ᠎ᠢ ᠡᠷᠡᠮᠴᠡᠵᠤ᠂ ᠪᠣᠳᠠᠲᠠᠶ᠎ᠪᠠᠷ ᠠᠵᠢᠯᠯᠠᠵᠤ ᠠᠷᠠᠳ᠎ᠲᠤ ᠠᠰᠢᠭ ᠬᠦᠷᠲᠡᠭᠡᠬᠦ》 ᠠᠵᠢᠯᠯᠠᠭ᠎ᠠ᠎ᠲᠠᠢ ᠤᠶᠠᠯᠳᠤᠭᠤᠯᠤᠨ᠂ ᠲᠥᠷᠥ ᠵᠢᠨ ᠪᠣᠳᠣᠯᠭ᠎ᠠ ᠵᠢ ᠤᠬᠠᠭᠤᠯᠬᠤ᠂ ᠴᠢᠳᠠᠪᠤᠷᠢ᠎ᠪᠠᠨ ᠳᠡᠭᠡᠭᠰᠢᠯᠡᠭᠦᠯᠬᠦ ᠵᠡᠷᠭᠡ ᠲᠤᠰᠬᠠᠶ ᠠᠵᠢᠯᠯᠠᠭ᠎ᠠ ᠵᠢ ᠰᠠᠢ᠌ᠳᠤᠷ ᠦᠷᠨᠢᠭᠥᠯᠵᠤ᠂ ᠦᠨᠳᠦᠰᠦᠨ ᠱᠠᠲᠤᠨ᠎ᠤ ᠨᠡᠶ᠋ᠢᠭᠡᠮ᠎ᠤᠨ  ᠲᠤᠰᠠᠯᠠᠮᠵᠢ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃
   ᠬᠤᠷᠠᠯ ᠳᠡᠭᠡᠷ᠎ᠡ ᠪᠦᠬᠦ ᠣᠷᠣᠨ᠎ᠤ ᠨᠡᠶ᠋ᠢᠭᠡᠮ᠎ᠤᠨ ᠲᠤᠰᠠᠯᠠᠮᠵᠢ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠤᠨ ᠪᠠᠶ᠋ᠢᠳᠠᠯ᠎ᠢ ᠵᠠᠷᠯᠠᠨ ᠮᠡᠳᠡᠭᠳᠡᠵᠦ᠂ ᠬᠢᠩᠭ᠋ᠠᠨ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠲᠦᠩᠯᠢᠶᠣᠤ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ᠎ᠬᠢᠨ ᠰᠠᠨᠠᠯ ᠵᠶ᠋ᠠᠨ ᠰᠣᠯᠢᠯᠴᠠᠨ ᠶᠠᠷᠢᠶ᠎ᠠ ᠲᠠᠯᠪᠢᠵᠤ᠂  ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ ᠨᠥᠬᠥᠷ ᠳᠠᠷᠠᠭ᠋ᠠᠴᠢ ᠵᠢᠨ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠬᠤ᠎ᠳᠤ᠎ᠪᠠᠨ ᠭᠣᠣᠯᠳᠠᠯᠭ᠎ᠠ᠎ᠲᠠᠢ ᠠᠶ᠋ᠢᠮᠠᠭ ᠬᠤᠳᠠ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠨᠢᠬᠡ ᠨᠢᠬᠡ᠎ᠪᠠᠷ ᠲᠤᠬᠢᠠᠭᠤᠯᠪᠠ᠃
                                                
               
 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠵᠢᠷᠭ᠋ᠠᠯᠠᠡᠭᠳᠤ ᠬᠣᠲᠠ᠎ᠳᠤ ᠴᠤᠭᠯᠠᠷᠠᠵᠤ · ᠨᠡᠢ᠌ᠭᠡᠮ᠎ᠤᠨ ᠠᠵᠢᠯ᠎ᠤᠨ ᠲᠤᠬᠠᠢ ᠦᠬᠦᠯᠡᠯᠳᠤᠬᠦᠢ》 ᠭᠡᠬᠦ ᠭᠣᠣᠯ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠭᠰᠠᠨ ᠪᠥᠭᠡᠳ ᠨᠡᠢ᠌ᠭᠡᠮ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠨᠠᠢ᠍ᠮᠠᠳᠠᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠷᠢᠰ ᠮᠡᠳᠡᠭᠡᠯᠡᠯ (ᠲᠠᠪᠤ)
ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ᠎ᠬᠢᠨ ᠪᠠᠶᠠᠷ᠎ᠤᠨ ᠡᠳᠦᠷ᠎ᠠᠴᠠ ᠡᠮᠦᠨ᠎ᠡ ᠠᠶᠤᠯ ᠦᠬᠡᠢ ᠦᠢ᠍ᠯᠡᠳᠪᠦᠷᠢᠯᠡᠯ᠎ᠢ ᠪᠠᠢ᠌ᠴᠠᠭ᠋ᠠᠪᠠ
ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 9 ᠳ᠋ᠤᠬᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠵᠦᠪᠯᠡᠯ᠎ᠤᠨ᠎ᠬᠢᠨ᠎ᠤ ᠨᠠᠮ᠎ᠤᠨ ᠬᠡᠰᠢᠬᠦᠨ᠎ᠤ ᠲᠦᠯᠦᠭᠡᠯᠡᠭᠴᠢᠳ᠎ᠤᠨ ᠠᠩᠬᠠᠳᠤᠭ᠋ᠠᠷ ᠤᠳᠠᠭ᠋ᠠᠨ᠎ᠤ ᠶᠡᠬᠡ ᠬᠤᠷᠠᠯ ᠬᠦᠬᠡᠬᠤᠲᠠ᠎ᠳᠤ ᠬᠤᠷᠠᠯᠳᠤᠪᠠ
 
            