ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠨᠠᠢ᠍ᠮᠠᠳᠠᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠷᠢᠰ ᠮᠡᠳᠡᠭᠡᠯᠡᠯ (ᠲᠠᠪᠤ)
ᠨᠡᠶᠢᠲᠡᠯᠡᠭᠰᠡᠨ ᠴᠠᠭ᠄ 2023-09-25

   ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠥᠬᠡᠬᠣᠲᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠂ ᠬᠣᠲᠣᠩ ᠠᠷᠠᠳ᠎ᠤᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠥᠬᠡᠬᠣᠲᠠ ᠵᠢᠨ ᠮᠤ᠌ ᠰᠢᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠬᠣᠯᠪᠣᠭᠳᠠᠯ ᠪᠦᠬᠦᠢ ᠡᠬᠢ ᠪᠠᠶᠠᠯᠢᠭ᠎ᠢ ᠢᠳᠡᠪᠬᠢᠲᠡᠢ ᠬᠣᠯᠪᠣᠵᠤ᠂ ᠪᠥᠬᠥ ᠬᠣᠲᠠ ᠵᠢᠨ ᠬᠡᠪᠴᠢᠶᠡᠨ᠎ᠳᠤ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠪᠡ᠃ ᠠᠵᠢᠯᠲᠠᠳ ᠨᠢᠭᠦᠯᠡᠰᠦᠩᠭᠦᠢ ᠵᠢᠨ ᠮᠡᠳᠡᠯᠭᠡ ᠵᠢᠨ ᠤᠬᠠᠭᠤᠯᠭ᠎ᠠ ᠵᠢᠨ ᠳᠡᠪᠲᠡᠷ ᠲᠠᠷᠬᠠᠭ᠋ᠠᠬᠤ᠂ᠠᠰᠠᠭᠤᠯᠲᠠ ᠲᠥᠭᠡᠷᠢᠭᠳᠡᠯ᠎ᠢ ᠲᠤᠬᠠᠢ ᠵᠢᠨ ᠲᠠᠯᠠᠪᠤᠷ᠎ᠲᠤ ᠲᠠᠢ᠌ᠯᠬᠤ ᠵᠡᠷᠭᠡ ᠠᠷᠭ᠎ᠠ ᠎ᠪᠠᠷ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》 ᠵᠢ ᠲᠠᠨᠢᠯᠴᠠᠭᠤᠯᠬᠤ ᠵᠢᠨ ᠬᠠᠮᠳᠤ ᠨᠢᠭᠦᠯᠡᠰᠦᠩᠭᠦᠢ ᠵᠢᠨ ᠬᠠᠨᠳᠢᠪᠯᠡᠯ᠂ ᠨᠡᠶ᠋ᠢᠲᠡ ᠵᠢᠨ ᠠᠰᠠᠷᠠᠮᠵᠢ ᠵᠢᠨ ᠠᠯᠪᠠᠨ ᠵᠢᠷᠤᠮ᠎ᠤᠨ ᠡᠮᠴᠢᠯᠡᠭᠡ ᠵᠡᠷᠭᠡ ᠠᠵᠢᠯᠯᠠᠭ᠎ᠠ ᠵᠢ ᠵᠡᠷᠭᠡ᠎ᠪᠠᠷ ᠥᠷᠨᠢᠭᠦᠯᠵᠦ᠂ ᠨᠢᠭᠦᠯᠡᠰᠦᠩᠭᠦᠢ ᠵᠢᠨ 《ᠬᠥᠮᠥᠨ ᠪᠦᠬᠦᠨ ᠬᠢᠵᠤ ᠪᠣᠯᠬᠤ᠂ ᠭᠠᠵᠠᠷ ᠪᠣᠯᠭ᠋ᠠᠨ᠎ᠳᠤ ᠬᠢᠵᠦ ᠪᠣᠯᠬᠤ᠂ ᠴᠠᠭ ᠢᠮᠠᠭᠲᠠ ᠬᠢᠵᠦ ᠪᠣᠯᠬᠤ》 ᠨᠡᠢ᠌ᠭᠡᠮ᠎ᠤᠨ ᠠᠭᠤᠷ ᠠᠮᠢᠰᠬᠤᠯ᠎ᠢ ᠦᠷᠭᠦᠯᠵᠢᠯᠡᠨ ᠪᠣᠶ ᠪᠣᠯᠭ᠋ᠠᠪᠠ᠃

     

 
   ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠢ᠍ᠮᠠᠳᠠᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢ ᠰᠠᠢ᠌ᠲᠤᠷ ᠬᠢᠬᠦ ᠵᠢᠨ ᠲᠦᠯᠤᠬᠡ ᠡᠯ᠎ᠡ ᠬᠣᠰᠢᠭᠤ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢ ᠳᠠᠶ᠋ᠢᠴᠢᠯᠠᠨ᠂ ᠣᠯᠠᠨ ᠬᠡᠯᠪᠡᠷᠢ ᠵᠢᠨ ᠨᠢᠭᠦᠯᠡᠰᠦᠩᠭᠦᠢ ᠵᠢᠨ ᠠᠵᠢᠯᠯᠠᠭ᠎ᠠ ᠪᠠ ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠥᠷᠨᠢᠭᠦᠯᠵᠦ᠂ ᠰᠠᠢ᠌ᠨ ᠰᠠᠢ᠌ᠬᠠᠨ ᠤᠬᠠᠭᠤᠯᠭ᠎ᠠ ᠵᠢᠨ ᠠᠭᠤᠷ ᠠᠮᠢᠰᠬᠤᠯ᠎ᠢ ᠪᠣᠶ ᠪᠣᠯᠭ᠋ᠠᠪᠠ᠃

     W020230922585062155324.png


   ᠣᠷᠳᠣᠰ ᠬᠤᠳᠠ ᠵᠢᠨ ᠳᠠᠯᠠᠳ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠣᠷᠳᠣᠰ ᠬᠤᠳᠠ ᠵᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠲᠥᠪ᠎ᠤᠨ᠎ᠬᠢᠨ 《ᠬᠡᠦᠬᠡᠳ᠎ᠤᠨ ᠵᠡᠭᠦᠳᠦ ᠵᠢ ᠰᠠᠬᠢᠨ ᠬᠠᠮᠠᠭ᠋ᠠᠯᠠᠵᠤ᠂ ᠬᠠᠢ᠌ᠷ᠎ᠠ ᠵᠢᠨ ᠲᠥᠯᠥᠭᠡ ᠬᠠᠮᠲᠤ᠎ᠪᠠᠷ ᠤᠷᠤᠭᠰᠢᠯᠠᠶ᠎ᠠ》 ᠭᠡᠬᠦ ᠨᠢᠭᠦᠯᠡᠰᠦᠩᠭᠦᠢ ᠵᠢᠨ ᠲᠤᠰᠠᠯᠠᠮᠵᠢ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠨᠡᠢ᠌ᠭᠡᠮ᠎ᠤᠨ ᠬᠦᠴᠦᠨ᠎ᠢ ᠳᠠᠢ᠍ᠢ᠍ᠴᠢᠯᠠᠨ ᠹᠸᠡᠭ ᠱᠦᠢ ᠯᠢᠶᠠᠩ ᠪᠠᠯᠭ᠋ᠠᠰᠤ ᠵᠢᠨ ᠬᠠᠷᠢᠶ᠎ᠠ ᠲᠣᠭᠣᠷᠢᠭ᠎ᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ 3 ᠲᠦᠮᠡ ᠭᠠᠷᠤᠢ ᠲᠥᠭᠥᠷᠢᠭ᠎ᠤᠨ ᠦᠷᠳᠡᠭ᠎ᠲᠠᠢ ᠨᠣᠮ ᠪᠢᠴᠢᠭ ᠬᠠᠨᠳᠢᠪᠯᠡᠵᠤ᠂ ᠬᠡᠦᠬᠡᠳ᠎ᠤᠳ᠎ᠤᠨ ᠬᠠᠯᠠᠭᠤᠨ ᠬᠦᠷᠢᠶᠡᠯᠡᠯ᠎ᠢ ᠣᠯᠪᠠ᠃
 W020230922585062160031.png 

   ᠰᠢᠯᠢ ᠵᠢᠨ ᠭᠣᠣᠯ ᠠᠢ᠌ᠮᠠᠭ᠎ᠤᠨ ᠦᠵᠦᠮᠦᠴᠢᠨ ᠪᠠᠷᠠᠭᠤᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠵᠦᠮᠦᠴᠢᠨ ᠪᠠᠷᠠᠭᠤᠨ ᠬᠣᠰᠢᠭᠤᠨ᠎ᠤ ᠬᠣᠣᠷ ᠴᠠᠭ᠋ᠠᠵᠠᠯᠠᠬᠤ ᠨᠡᠢ᠌ᠭᠡᠮᠯᠢᠭ᠎ᠤᠨ᠎ᠬᠢᠨ᠎ᠲᠠᠢ ᠬᠠᠮᠳᠤᠷᠠᠵᠤ ᠪᠠᠢ᠌ᠭ᠋ᠠᠳ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ 《ᠬᠠᠢ᠌ᠷ᠎ᠠ ᠬᠠᠯᠠᠮᠵᠢ ᠬᠦᠷᠭᠡᠬᠦ》 ᠨᠢᠭᠦᠯᠡᠰᠦᠩᠭᠦᠢ ᠵᠢᠨ ᠠᠵᠢᠯᠯᠠᠭ᠎ᠠ ᠵᠢ ᠥᠷᠨᠢᠭᠦᠯᠵᠦ᠂ ᠲᠤᠬᠠᠢ ᠵᠢᠨ ᠭᠠᠵᠠᠷ᠎ᠤᠨ ᠬᠦᠴᠢᠷᠳᠡᠯᠲᠡᠢ ᠭᠡᠷ ᠪᠦᠯᠢ ᠵᠢᠨ᠎ᠬᠢᠨ᠎ᠳᠤ ᠲᠤᠬᠤᠨᠢᠭᠤᠯᠭ᠎ᠠ ᠵᠢᠨ ᠮᠥᠩᠭᠥ ᠠᠮᠤ ᠪᠤᠳᠠᠭ᠎ᠠ ᠲᠣᠰᠣ ᠬᠦᠷᠭᠡᠵᠦ᠂ ᠲᠤᠬᠠᠢ ᠵᠢᠨ ᠭᠠᠵᠠᠷ᠎ᠤᠨ ᠣᠯᠠᠨ ᠲᠦᠮᠡᠨ᠎ᠤ ᠰᠠᠢ᠌ᠨ ᠦᠨᠡᠯᠡᠯᠲᠡ ᠵᠢ ᠣᠯᠣᠭᠰᠠᠨ ᠪᠠᠢ᠌ᠨ᠎ᠠ᠃

 

 

 

 

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ᠎ᠬᠢᠨ ᠪᠠᠶᠠᠷ᠎ᠤᠨ ᠡᠳᠦᠷ᠎ᠠᠴᠠ ᠡᠮᠦᠨ᠎ᠡ ᠠᠶᠤᠯ ᠦᠬᠡᠢ ᠦᠢ᠍ᠯᠡᠳᠪᠦᠷᠢᠯᠡᠯ᠎ᠢ ᠪᠠᠢ᠌ᠴᠠᠭ᠋ᠠᠪᠠ
ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 9 ᠳ᠋ᠤᠬᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠵᠦᠪᠯᠡᠯ᠎ᠤᠨ᠎ᠬᠢᠨ᠎ᠤ ᠨᠠᠮ᠎ᠤᠨ ᠬᠡᠰᠢᠬᠦᠨ᠎ᠤ ᠲᠦᠯᠦᠭᠡᠯᠡᠭᠴᠢᠳ᠎ᠤᠨ ᠠᠩᠬᠠᠳᠤᠭ᠋ᠠᠷ ᠤᠳᠠᠭ᠋ᠠᠨ᠎ᠤ ᠶᠡᠬᠡ ᠬᠤᠷᠠᠯ ᠬᠦᠬᠡᠬᠤᠲᠠ᠎ᠳᠤ ᠬᠤᠷᠠᠯᠳᠤᠪᠠ
ᠦᠪᠤᠷ ᠮᠤᠩᠭᠤᠯ᠎ᠤᠨ ᠦᠨ᠎ᠡ ᠬᠠᠩᠰᠢ ᠵᠢ ᠦᠨᠡᠯᠡᠨ ᠵᠢᠱ᠌ᠢᠬᠦ ᠠᠵᠢᠯ ᠲᠦᠷᠤᠯ᠎ᠤᠨ ᠨᠠᠢ᠌ᠭᠡᠮᠯᠢᠭ ᠲᠡᠭᠡᠳᠤ ᠰᠤᠷᠭ᠋ᠠᠭᠤᠯᠢ ᠲᠡᠬᠦᠰᠦᠭᠰᠡᠤᠨ ᠎ᠤᠨ ᠠᠵᠢᠯ ᠤᠯᠬᠤ᠎ᠳᠤ ᠬᠦᠴᠤᠨ ᠨᠡᠮᠡᠷᠢᠯᠡᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠢ ᠵᠣᠬᠢᠶᠠᠨ ᠪᠠᠢ᠌ᠭᠤᠯᠵᠤ ᠭᠤᠤᠯ ᠰᠡᠳᠤᠪᠲᠤ ᠨᠠᠮ᠎ᠤᠨ ᠡᠳᠤᠷ ᠎ᠤᠨ ᠬᠠᠮᠲᠤᠷᠠᠭᠰᠠᠨ ᠠᠵᠢᠯᠯᠠᠭ᠎ᠠ ᠦᠷᠨᠢᠭᠥᠯᠪᠡ
 
            