ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠲᠥᠯᠦᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ 《ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠵᠤ ᠬᠦᠴᠦ᠎ᠪᠠᠨ ᠬᠠᠮᠲᠤᠳᠬᠠᠨ ᠮᠡᠬᠡᠯᠡᠯ᠎ᠢ ᠡᠰᠡᠷᠬᠦᠴᠡᠵᠤ᠂ ᠮᠡᠬᠡᠯᠡᠯ᠎ᠢ ᠰᠡᠷᠬᠡᠢ᠌ᠯᠡᠬᠦ ᠺᠢᠨᠣ᠋ ᠦᠵᠡᠵᠤ ᠠᠮᠤᠷ ᠠᠮᠤᠭᠤᠯᠠᠩ᠎ᠢ ᠬᠠᠮᠠᠭ᠋ᠠᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄ 2023-09-07

   ᠰᠢ ᠵᠢᠨ ᠫᠢᠩ ᠶᠡᠷᠦᠩᠬᠡᠢ ᠱᠦᠵᠢ ᠵᠢᠨ ᠠᠮᠤᠷ ᠲᠦᠪᠰᠢᠨ᠎ᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠨᠠᠮ᠎ᠤᠨ ᠭᠡᠰᠢᠭᠦᠨ ᠤᠯᠠᠨ ᠲᠦᠮᠡᠨ᠎ᠤ  ᠠᠶᠤᠯ ᠦᠬᠡᠢ ᠵᠢᠨ ᠤᠬᠠᠮᠰᠠᠷ᠎ᠢ ᠪᠦᠲᠦᠮᠵᠢᠲᠡᠢ ᠴᠢᠩᠭ᠋ᠠᠳᠬᠠᠵᠤ᠂  ᠴᠢᠮᠡᠬᠡ ᠬᠤᠯᠪᠤᠭ᠋ᠠᠨ᠎ᠤ ᠮᠡᠬᠡᠯᠡᠯ᠎ᠢ ᠬᠠᠮᠳᠤ᠎ᠪᠠᠷ ᠰᠡᠷᠭᠡᠢ᠌ᠯᠡᠬᠦ ᠵᠢᠨ ᠲᠥᠯᠥᠭᠡ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠲᠥᠯᠦᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ ᠎ᠤᠨ᠎ᠬᠢᠨ 9 ᠰᠠᠷ᠎ᠠ ᠵᠢᠨ 4 ᠎ᠤ ᠡᠳᠦᠷ 《ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠵᠤ ᠬᠦᠴᠦ᠎ᠪᠠᠨ ᠬᠠᠮᠲᠤᠳᠬᠠᠨ ᠮᠡᠬᠡᠯᠡᠯ᠎ᠢ ᠰᠡᠷᠬᠡᠢ᠌ᠯᠡᠬᠦ ᠺᠢᠨᠣ᠋ ᠦᠡᠵᠵᠤ ᠠᠮᠤᠷ ᠠᠮᠤᠭᠤᠯᠠᠡᠭ᠎ᠢ ᠬᠠᠮᠠᠭ᠋ᠠᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ  ᠥᠷᠨᠢᠭᠦᠯᠵᠦ᠂ ᠨᠠᠮ᠎ᠤᠨ ᠡᠭᠦᠷ᠎ᠤᠨ ᠨᠠᠮ᠎ᠤᠨ ᠬᠡᠰᠢᠬᠦᠳ ᠤᠯᠠᠨ ᠲᠦᠮᠡᠨ᠎ᠤ ᠮᠡᠬᠡᠯᠡᠭᠳᠡᠬᠦ᠎ᠠᠴᠠ ᠰᠡᠷᠬᠡᠢ᠌ᠯᠡᠬᠦ ᠵᠢ ᠤᠬᠠᠭᠤᠯᠤᠬᠰᠠᠨ ᠺᠢᠨᠣ᠋ 《ᠡᠴᠦᠰ᠎ᠤᠨ ᠮᠥᠷᠥᠢ》  ᠰᠣᠨᠢᠷᠬᠠᠪᠠ᠃

W020230906345797151537.jpg


   ᠺᠢᠨᠣ᠋ 《ᠡᠴᠦᠰ᠎ᠤᠨ ᠮᠥᠷᠥᠢ》᠎ᠨᠢ ᠲᠦᠮᠡ ᠭᠠᠷᠤᠢ ᠦᠨᠡᠨ ᠪᠣᠳᠠᠲᠠᠢ ᠮᠡᠬᠡᠯᠡᠭᠰᠡᠨ ᠬᠡᠷᠡᠭ᠎ᠤᠨ ᠵᠢᠱ᠌ᠢᠶ᠎ᠡ᠎ᠠᠴᠠ ᠮᠠᠲ᠋ᠧᠷᠢᠶᠠᠯ ᠠᠪᠴᠤ᠂ ᠣᠳᠣᠬᠠᠨ᠎ᠤ ᠣᠯᠠᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠪᠢᠷᠮᠠ ᠵᠢᠨ ᠤᠮᠠᠷᠠᠲᠤ ᠬᠡᠰᠡᠭ᠎ᠤᠨ ᠮᠡᠬᠡᠯᠡᠯ᠎ᠤᠨ ᠬᠡᠷᠡᠭ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠢᠯᠢ ᠵᠢᠨ ᠭᠠᠳᠠᠨᠠᠬᠢ ᠰᠦᠯᠵᠢᠶᠡᠨ ᠮᠡᠬᠡᠯᠡᠯ᠎ᠤᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠳᠣᠲᠣᠭ᠋ᠠᠳᠤ ᠪᠠᠢ᠌ᠳᠠᠯ᠎ᠢ ᠢᠯᠡᠷᠡᠬᠦᠯᠬᠦ᠎ᠳᠤ᠎ᠪᠠᠨ ᠣᠳᠣᠬᠠᠨ᠎ᠳᠤ ᠣᠯᠠᠨᠲᠠ ᠴᠠᠭ᠋ᠠᠵᠠᠯᠠᠭᠰᠠᠨ ᠴᠤ᠌ ᠵᠣᠭᠰᠣᠬᠤ ᠦᠭᠡᠢ ᠰᠦᠯᠵᠢᠶᠡᠨ᠎ᠤ ᠮᠡᠬᠡᠯᠡᠯ᠂ ᠰᠦᠯᠵᠢᠶᠡᠨ᠎ᠤ ᠮᠥᠷᠥᠢ᠌ᠴᠡᠭᠡᠨ᠎ᠤ ᠮᠡᠬᠡᠯᠡᠯ᠂ ᠠᠵᠢᠯᠲᠠᠨ ᠡᠯᠰᠡᠬᠦ ᠪᠠ ᠬᠠᠭᠤᠷᠤᠨ ᠮᠡᠬᠡᠯᠡᠬᠦ ᠠᠵᠢᠯᠯᠠᠭ᠎ᠠ᠎ᠪᠠᠷ  ᠪᠠᠷᠢᠴᠨ ᠪᠣᠯᠭ᠋ᠠᠵᠤ᠂  ᠴᠢᠮᠡᠬᠡ ᠬᠤᠯᠪᠤᠭ᠎ᠠ᠎ᠪᠠᠷ ᠮᠡᠬᠡᠯᠡᠭᠰᠡᠨ ᠦᠨᠡᠨ ᠪᠣᠳᠠᠲᠠᠢ ᠬᠡᠷᠡᠭ ᠵᠶ᠋ᠡᠷ 《ᠬᠢᠯᠢ ᠵᠢᠨ ᠭᠠᠳᠠᠨᠠᠬᠢ ᠮᠡᠬᠡᠯᠡᠯ᠎ᠤᠨ ᠪᠦᠯᠦᠭᠯᠡᠯ》᠎ᠤᠨ ᠬᠠᠷᠠᠩᠭᠤᠢ ᠪᠠᠢ᠌ᠳᠠᠯ᠎ᠢ ᠭᠦᠨᠵᠡᠭᠡᠢ ᠰᠡᠷᠭᠦᠭᠡᠵᠡᠢ᠂ ᠡᠨᠡ᠎ᠨᠢ ᠮᠡᠬᠡᠯᠡᠯ᠎ᠤᠨ ᠶᠠᠯᠠᠲᠤ ᠡᠲᠡᠭᠡᠳ᠎ᠤᠨ ᠠᠷᠭ᠎ᠠ ᠵᠠᠮ᠎ᠢ ᠦᠵᠡᠭᠴᠢᠳ᠎ᠲᠤ ᠲᠤᠢ᠌ᠯᠪᠤᠷᠢᠲᠠᠢ ᠲᠠᠨᠢᠭᠤᠯᠬᠤ ᠵᠢᠨ ᠲᠥᠯᠥᠭᠡ ᠲᠡᠳᠤᠢ ᠦᠬᠡᠢ᠂ ᠮᠡᠬᠡᠯᠡᠯ᠎ᠢ  ᠰᠡᠷᠬᠡᠢ᠌ᠯᠡᠬᠦ ᠤᠬᠠᠮᠰᠠᠷ᠎ᠢ ᠴᠢᠩᠭ᠋ᠠᠳᠬᠠᠵᠤ᠂ ᠠᠵᠤ ᠠᠬᠤᠢ ᠡᠳ᠋ ᠬᠥᠷᠥᠩᠭᠡ ᠵᠢᠨ ᠬᠣᠬᠢᠷᠠᠯ᠎ᠠᠴᠠ ᠵᠠᠢ᠌ᠯᠠᠰᠬᠢᠬᠦ᠎ᠳᠤ ᠠᠯᠤᠰ ᠬᠡᠲᠦ ᠵᠢᠨ ᠰᠤᠷᠭ᠋ᠠᠨ ᠬᠥᠮᠥᠵᠢᠭᠦᠯᠬᠦ ᠠᠴᠢ ᠬᠣᠯᠪᠣᠭᠳᠠᠯ ᠪᠠ ᠪᠣᠳᠠᠲᠤ ᠠᠴᠢ ᠬᠣᠯᠪᠣᠭᠳᠠᠯ᠎ᠲᠠᠢ ᠶᠤᠮ᠃

W020230906345797311013.jpg


   ᠺᠢᠨᠣ᠋ ᠦᠵᠡᠵᠦ ᠪᠠᠷᠠᠭᠰᠠᠨ᠎ᠤ ᠳᠠᠷᠠᠭ᠎ᠠ ᠣᠯᠠᠨ ᠵᠶ᠋ᠠᠷ ᠵᠶ᠋ᠠᠨ᠂ ᠺᠢᠨᠣ᠋᠎ᠨᠢ ᠮᠡᠬᠡᠯᠡᠯ᠎ᠢ ᠰᠡᠷᠬᠡᠢ᠌ᠯᠡᠬᠦ ᠲᠤᠬᠠᠢ ᠭᠦᠨᠵᠡᠭᠡᠢ ᠲᠡᠮᠡᠴᠡᠯ᠎ᠢ ᠢᠯᠡᠷᠡᠭᠦᠯᠵᠦ᠂ ᠬᠥᠮᠥᠰ᠎ᠤᠨ ᠰᠡᠳᠬᠢᠯ᠎ᠢ ᠳᠣᠭᠳᠣᠯᠤᠭᠤᠯᠵᠤ᠂ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠵᠢᠨ ᠬᠠᠷᠭᠢᠰ ᠬᠡᠷᠴᠡᠭᠡᠢ ᠴᠢᠨᠠᠷ ᠪᠠ ᠬᠣᠣᠷ ᠬᠥᠨᠥᠭᠡᠯᠳᠦ ᠴᠢᠨᠠᠷ᠎ᠢ ᠦᠨᠡᠨ ᠬᠦ᠌ ᠤᠢ᠌ᠯᠠᠭ᠋ᠠᠭᠤᠯᠵᠤ᠂ ᠬᠣᠢ᠌ᠰᠢᠳᠠ  ᠴᠢᠮᠡᠬᠡ ᠬᠣᠯᠪᠣᠭ᠋ᠠᠨ᠎ᠤ ᠮᠡᠬᠡᠯᠡᠯ᠎ᠢ ᠰᠡᠷᠭᠡᠢ᠌ᠯᠡᠬᠦ ᠤᠬᠠᠭᠤᠯᠭ᠎ᠠ᠎ᠳᠤ ᠢᠳᠡᠪᠬᠢᠲᠡᠢ ᠣᠷᠣᠯᠴᠠᠵᠤ᠂ ᠳᠡᠷᠭᠡᠳᠡᠬᠢ ᠬᠥᠮᠥᠰ ᠵᠶ᠋ᠡᠨ ᠰᠡᠷᠡᠮᠵᠢᠯᠡᠭᠦᠯᠦᠨ ᠳᠠᠢ᠌ᠴᠢᠯᠠᠬᠤ᠎ᠠᠴᠠ ᠡᠬᠢᠯᠡᠨ ᠮᠡᠬᠡᠯᠡᠯ᠎ᠢ ᠰᠡᠷᠡᠵᠤ ᠮᠡᠳᠡᠬᠦ᠂  ᠮᠡᠬᠡᠯᠡᠯ᠎ᠢ ᠰᠡᠷᠭᠡᠢ᠌ᠯᠡᠬᠦ᠂ ᠮᠡᠬᠡᠯᠡᠬᠦ ᠵᠢ ᠡᠰᠡᠷᠭᠦᠴᠡᠬᠦ ᠤᠬᠠᠮᠰᠠᠷ ᠵᠶ᠋ᠠᠨ ᠳᠡᠭᠡᠭᠰᠢᠯᠡᠭᠦᠯᠵᠦ᠂  ᠴᠢᠮᠡᠬᠡ ᠬᠣᠯᠪᠣᠭ᠋ᠠᠨ᠎ᠤ ᠰᠡᠷᠭᠡᠢ᠌ᠯᠡᠬᠦ 《ᠰᠡᠷᠭᠡᠢ᠌ᠯᠡᠯᠲᠡ ᠵᠢᠨ ᠬᠡᠷᠡᠮ》᠎ᠢ ᠬᠠᠮᠲᠤ᠎ᠪᠠᠷ ᠪᠠᠢ᠌ᠭᠤᠯᠤᠨ᠎ᠠ ᠭᠡᠵᠤ ᠢᠯᠡᠳᠬᠡᠵᠡᠬᠡᠪᠡ᠃






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠠᠢ᠍ᠮᠠᠳᠡᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠷᠢᠰ ᠮᠡᠳᠡᠭᠡᠯᠡᠯ (ᠨᠢᠭᠡ)
ᠨᠠᠢ᠍ᠮᠠᠳᠡᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠷᠢᠰ ᠮᠡᠳᠡᠭᠡᠯᠡᠯ (ᠬᠣᠶᠠᠷ)
ᠨᠠᠢ᠍ᠮᠠᠳᠠᠭᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠷᠢᠰ ᠮᠡᠳᠡᠭᠡᠯᠡᠯ (ᠭᠤᠷᠪᠠ)
ᠰᠦᠯᠵᠢᠶᠡᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠵᠦ ᠣᠷᠣᠭ ᠲᠠᠡᠭᠰᠠᠯᠠᠯᠳᠠ ᠵᠢᠨ ᠲᠦᠷᠢᠮᠵᠢᠬᠦᠨ ᠬᠠᠮᠢᠶᠠᠷᠤᠯᠳᠠ ᠵᠢ ᠠᠬᠢᠭᠤᠯᠵᠤ ᠪᠠᠢ᠌ᠨ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠤᠨ ᠲᠤᠬᠠᠢ ᠰᠤᠨᠢᠨ ᠮᠡᠳᠡᠬᠡ ᠨᠡᠢ᠌ᠳᠡᠯᠡᠬᠦ ᠬᠤᠷᠠᠯ ᠬᠤᠷᠠᠯᠳᠤᠭᠤᠯᠪᠠ
 
            