ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠣᠭ ᠨᠠᠷ 1 ᠳ᠋ᠤᠬᠡᠷ ᠰᠠᠷ᠎ᠠ ᠵᠢᠨ 4᠎ᠤ ᠡᠳᠦᠷ ᠬᠤᠸᠠᠳᠧ ᠰᠢᠶᠠᠨ᠎ᠳᠤ ᠭᠦᠨᠵᠡᠭᠡᠢ᠌ᠷᠡᠨ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠠᠵᠢᠯ᠎ᠢ ᠪᠠᠢ᠌ᠴᠠᠭ᠋ᠠᠨ ᠰᠤᠳᠤᠯᠪᠠ᠃

ᠴᠤᠭ ᠲᠡᠳᠡ ᠪᠠᠶᠠᠨᠲᠠᠯ᠎ᠠ ᠰᠢᠶᠠᠩ᠎ᠤᠨ ᠨᠠᠮ ᠪᠠ ᠤᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠪᠠᠶᠠᠨᠲᠠᠯ᠎ᠠ ᠲᠣᠰᠬᠣᠨ᠎ᠤ ᠨᠠᠮ ᠪᠠ ᠤᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠪᠠᠶᠠᠨᠲᠠᠯ᠎ᠠ ᠰᠢᠶᠠᠩ᠎ᠤᠨ ᠬᠠᠷᠢᠯᠴᠠᠨ ᠬᠠᠪᠰᠤᠷᠤᠯᠴᠠᠬᠤ ᠵᠢᠷᠭ᠋ᠠᠯᠳᠤ ᠬᠦᠷᠢᠶᠡᠯᠡᠩ᠎ᠢ ᠲᠤᠭᠤᠷᠢᠨ ᠦᠵᠡᠭᠰᠡᠨ ᠪᠦᠬᠡᠳ ᠶᠠᠷᠢᠯᠴᠠᠬᠤ ᠬᠤᠷᠠᠯ ᠬᠢᠵᠤ᠂ ᠡᠯ᠎ᠡ ᠲᠣᠰᠬᠣᠨ᠎ᠤ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ᠂ ᠲᠣᠰᠬᠣᠨ᠎ᠤ ᠳᠡᠰ᠎ᠤᠨ ᠬᠠᠮᠲᠤ ᠵᠢᠨ ᠠᠵᠤ ᠠᠬᠤᠢ᠂ ᠲᠣᠰᠬᠣᠨ᠎ᠤ ᠳᠦᠷᠰᠦ ᠪᠠᠢ᠌ᠳᠠᠯ᠎ᠤᠨ ᠥᠭᠡᠷᠡᠴᠢᠯᠡᠯᠲᠡ᠂ ᠬᠥᠳᠡᠭᠡ ᠲᠣᠰᠬᠣᠨ᠎ᠤ ᠵᠠᠰᠠᠯᠲᠠ᠂ ᠤᠯᠠᠨ ᠲᠦᠮᠡᠨ᠎ᠤ ᠠᠵᠢᠯ ᠣᠯᠭᠣᠯᠲᠠ ᠣᠷᠣᠯᠭ᠎ᠠ ᠵᠢᠨ ᠨᠡᠮᠡᠭᠳᠡᠯ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠳᠪᠦᠷᠢᠯᠡᠯ ᠠᠮᠢᠳᠤᠷᠠᠯ᠎ᠤᠨ ᠪᠠᠲᠤᠯᠠᠭ᠎ᠠ ᠵᠡᠷᠭᠡ ᠪᠠᠢ᠌ᠳᠠᠯ᠎ᠢ ᠭᠦᠨᠵᠡᠭᠡᠢ ᠤᠢ᠌ᠯᠠᠭ᠋ᠠᠬᠰᠠᠨ᠎ᠤ ᠬᠠᠮᠲᠤ ᠬᠠᠪᠰᠤᠷᠤᠨ ᠲᠡᠳᠬᠦᠬᠦ ᠲᠣᠰᠬᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠲᠤᠬᠠᠢ ᠵᠢᠨ ᠲᠠᠯᠠᠪᠤᠷ᠎ᠲᠤ ᠵᠢᠭ᠋ᠠᠨ ᠵᠢᠯᠤᠭᠤᠳᠪᠠ᠃ ᠪᠠᠰᠨ ᠨᠢᠬᠡ ᠪᠦᠯᠦᠭ ᠶᠠᠳᠠᠭᠤ ᠬᠦᠴᠢᠷᠳᠡᠯᠲᠡᠢ ᠬᠦᠮᠦᠰ᠎ᠢ ᠲᠣᠬᠣᠨᠢᠭᠤᠯᠵᠠᠢ᠃

ᠪᠠᠢ᠌ᠴᠠᠭ᠋ᠠᠨ ᠰᠤᠳᠤᠯᠤᠯᠲᠠ ᠵᠢᠨ ᠶᠠᠪᠤᠴᠨ᠎ᠳᠤ ᠴᠤᠭ᠄ 《ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠬᠦᠴᠦᠷᠬᠡᠭᠵᠢᠭᠦᠯᠵᠦ᠂ ᠴᠡᠭ ᠲᠣᠭᠲᠠᠭ᠋ᠠᠨ ᠲᠣᠰᠬᠣᠨ᠎ᠢ ᠬᠠᠪᠰᠤᠷᠤᠨ ᠲᠡᠳᠬᠦᠬᠦ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠰᠠᠢ᠌ᠲᠤᠷ ᠬᠢᠵᠦ᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠤᠯᠠᠨ ᠲᠦᠮᠡᠨ᠎ᠤ ᠬᠦᠰᠡᠯ᠎ᠳᠤ ᠨᠡᠢ᠌ᠴᠡᠭᠰᠡᠨ᠂ ᠬᠡᠪᠴᠢᠶᠡᠵᠢᠭᠰᠡᠨ᠂ ᠲᠠᠭ᠋ᠠᠭ᠋ᠠᠮᠠᠭ᠋ᠠᠢ ᠬᠦᠭᠵᠢᠯᠳᠡ ᠪᠦᠬᠦᠢ ᠣᠨᠴᠠᠯᠢᠭᠲᠤ ᠠᠵᠤ ᠦᠢ᠍ᠯᠡᠰ᠎ᠢ ᠪᠣᠢ᠌ᠵᠢᠭᠤᠯᠬᠤ ᠬᠡᠷᠡᠭᠲᠡᠢ᠃ ᠬᠠᠮᠳᠤᠷᠠᠯᠴᠠᠭ᠎ᠠ᠎ᠪᠠᠨ ᠴᠢᠩᠭ᠋ᠠᠳᠬᠠᠵᠤ᠂ ᠲᠣᠰᠬᠣᠨ᠎ᠳᠤ ᠰᠠᠭᠤᠵᠤ ᠠᠵᠢᠯᠯᠠᠬᠤ ᠠᠩᠭᠢ ᠵᠢᠨ ᠤᠷᠮᠠᠰᠢᠭᠤᠯᠤᠨ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠵᠤ᠂ ᠨᠢᠭᠲᠠ ᠬᠠᠮᠵᠢᠯᠴᠠᠵᠤ ᠬᠦᠴᠦ᠎ᠪᠠᠨ ᠬᠠᠮᠲᠤᠳᠬᠠᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠰᠢᠨ᠎ᠡ ᠦᠷ᠎ᠡ ᠪᠦᠲᠦᠮᠵᠢ ᠣᠯᠬᠤ ᠵᠢ ᠴᠢᠷᠮᠠᠢ᠌ᠨ ᠠᠬᠢᠭᠤᠯᠬᠤ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠰᠡᠳᠬᠢᠴᠡ᠎ᠪᠠᠨ ᠲᠡᠭᠦᠯᠳᠡᠷᠵᠢᠭᠦᠯᠵᠦ᠂ ᠠᠵᠢᠯ᠎ᠤᠨ ᠳᠦᠷᠢᠮ ᠵᠶ᠋ᠡᠨ ᠲᠣᠳᠣᠷᠬᠠᠢ᠌ᠯᠠᠵᠤ᠂ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠂ ᠬᠠᠪᠰᠤᠷᠤᠨ ᠲᠡᠳᠬᠦᠬᠦ ᠲᠣᠭᠲᠠᠴᠠ ᠵᠡᠷᠭᠡ ᠵᠢ ᠵᠣᠯᠭ᠋ᠠᠭᠤᠯᠬᠤ ᠠᠵᠢᠯ᠎ᠢ ᠰᠠᠢ᠌ᠲᠤᠷ ᠬᠢᠵᠦ᠂ ᠨᠡᠢ᠌ᠭᠡᠮ᠎ᠤᠨ ᠲᠤᠰᠠᠯᠠᠮᠵᠢ᠎ᠪᠠᠷ ᠦᠨᠳᠦᠰᠦᠨ ᠵᠦᠢ᠍ᠯ᠎ᠢ ᠪᠠᠲᠤᠯᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠦᠨᠡᠨ ᠬᠦ᠌ ᠭᠦᠢ᠍ᠴᠡᠳᠬᠡᠵᠦ᠂ ᠨᠡᠢ᠌ᠭᠡᠮ᠎ᠤᠨ ᠲᠤᠰᠠᠯᠠᠮᠵᠢ᠎ᠪᠠᠷ ᠦᠨᠳᠦᠰᠦᠨ ᠵᠦᠢ᠍ᠯ᠎ᠢ ᠪᠠᠲᠤᠯᠠᠬᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠲᠤᠰᠬᠠᠢ ᠠᠵᠢᠯᠯᠠᠭ᠎ᠠ ᠵᠢ ᠰᠠᠢ᠌ᠲᠤᠷ ᠥᠷᠨᠢᠭᠦᠯᠵ᠊ᠤ᠂ ᠦᠨᠳᠦᠰᠦᠨ ᠵᠦᠢ᠍ᠯ᠎ᠢ ᠪᠠᠲᠤᠯᠠᠬᠤ ᠲᠦᠷᠦ ᠵᠢᠨ ᠪᠣᠳᠣᠯᠭ᠎ᠠ ᠵᠢ ᠰᠠᠢ᠌ᠲᠤᠷ ᠪᠦᠬᠡᠳ ᠭᠦᠢ᠍ᠴᠡᠳ ᠬᠡᠷᠡᠭᠯᠡᠵᠦ᠂ ᠬᠥᠳᠡᠭᠡ ᠲᠣᠰᠬᠣᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ᠎ᠢ ᠠᠬᠢᠭᠤᠯᠬᠤ ᠬᠡᠷᠡᠭᠲᠡᠢ᠃ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠥᠷᠨᠢᠭᠦᠯᠵᠦ᠂ ᠬᠥᠳᠡᠭᠡ ᠲᠣᠰᠬᠣᠨ᠎ᠤ ᠵᠠᠰᠠᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠬᠥᠳᠡᠭᠡ ᠲᠣᠰᠬᠣᠨᠤᠬᠢᠨᠤ ᠣᠷᠣᠰᠢᠨ ᠰᠠᠭᠤᠬᠤ ᠣᠷᠴᠢᠨ ᠲᠣᠭᠣᠷᠢᠨ᠎ᠢ ᠦᠷᠭᠦᠯᠵᠢᠯᠡᠨ ᠰᠠᠢ᠌ᠵᠢᠷᠠᠭᠤᠯᠵᠤ᠂ ᠣᠨᠳᠣᠣ ᠭᠠᠵᠠᠷ ᠨᠡᠬᠦᠯᠬᠡᠵᠤ ᠲᠥᠪᠬᠢᠨᠡᠭᠦᠯᠦᠭᠰᠡᠨ᠎ᠤ ᠳᠠᠷᠠᠭ᠋ᠠᠬᠢ ᠲᠡᠳᠬᠦᠮᠵᠢ ᠵᠢᠨ ᠠᠵᠢᠯ᠎ᠢ ᠰᠠᠢ᠌ᠲᠤᠷ ᠬᠢᠵᠦ᠂ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠎ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ》 ᠬᠡᠵᠡᠢ᠃
ᠤᠯᠠᠭ᠋ᠠᠨᠴᠠᠪ᠎ᠤᠨ ᠬᠣᠲᠠ ᠵᠢᠨ ᠬᠤᠸᠠᠳ᠋ᠸ ᠰᠢᠶᠠᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠵᠠᠰᠠᠭ᠎ᠤᠨ ᠣᠷᠳᠣᠨ᠎ᠤ ᠰᠢᠶᠠᠨ᠎ᠤ ᠳᠠᠷᠤᠭ᠎ᠠ ᠳ᠋ᠢᠶᠣᠣ ᠴᠦᠨ ᠬᠠᠢ᠂ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠠᠷᠤᠭ᠎ᠠ ᠦ᠋ ᠶᠦᠨ ᠰᠢᠶᠠ ᠨᠠᠷ ᠬᠠᠮᠲᠤ ᠪᠠᠢ᠌ᠴᠠᠭ᠋ᠠᠨ ᠰᠤᠳᠤᠯᠪᠠ᠃