ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠣᠭᠲᠠᠭ᠋ᠠᠯ᠎ᠠᠴᠠ ᠵᠦᠷᠢᠴᠡᠭᠰᠡᠨ ᠰᠢᠯᠭ᠋ᠠᠷᠠᠭᠤᠯᠤᠯᠳᠠ᠂ ᠱᠠᠩᠨᠠᠯ ᠤᠯᠭᠤᠬᠤ ᠪᠠ ᠰᠦᠢ᠍ᠳᠬᠡᠯ ᠬᠤᠷᠢᠶᠠᠬᠰᠠᠨ ᠠᠵᠢᠯᠯᠠᠭ᠎ᠠ ᠵᠢ ᠥᠪᠡᠰᠦᠪᠡᠨ ᠪᠠᠢ᠌ᠴᠠᠭ᠋ᠠᠵᠤ ᠥᠪᠡᠰᠦᠪᠡᠨ ᠵᠠᠯᠠᠷᠠᠭᠤᠯᠬᠤ ᠠᠵᠢᠯ᠎ᠢ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2024-01-10

   ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠣᠭᠲᠠᠭ᠋ᠠᠯ᠎ᠠᠴᠠ ᠵᠦᠷᠢᠴᠡᠭᠰᠡᠨ ᠰᠢᠯᠭ᠋ᠠᠷᠠᠭᠤᠯᠤᠯᠳᠠ᠂ ᠱᠠᠩᠨᠠᠯ ᠤᠯᠭᠤᠬᠤ ᠪᠠ ᠰᠦᠢ᠍ᠳᠬᠡᠯ ᠬᠤᠷᠢᠶᠠᠬᠰᠠᠨ ᠠᠵᠢᠯᠯᠠᠭ᠎ᠠ ᠵᠢ ᠥᠪᠡᠰᠦᠪᠡᠨ ᠪᠠᠢ᠌ᠴᠠᠭ᠋ᠠᠵᠤ ᠥᠪᠡᠰᠦᠪᠡᠨ ᠵᠠᠯᠠᠷᠠᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠬᠡᠪᠴᠢᠶᠡᠨ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠣᠭᠲᠠᠭ᠋ᠠᠯ᠎ᠠᠴᠠ ᠵᠦᠷᠢᠴᠡᠭᠰᠡᠨ ᠰᠢᠯᠭ᠋ᠠᠷᠠᠭᠤᠯᠤᠯᠳᠠ᠂ ᠱᠠᠩᠨᠠᠯ ᠤᠯᠭᠤᠬᠤ ᠪᠠ ᠰᠦᠢ᠍ᠳᠬᠡᠯ ᠬᠤᠷᠢᠶᠠᠬᠰᠠᠨ ᠠᠵᠢᠯᠯᠠᠭ᠎ᠠ ᠵᠢ ᠥᠪᠡᠰᠦᠪᠡᠨ ᠪᠠᠢ᠌ᠴᠠᠭ᠋ᠠᠵᠤ ᠥᠪᠡᠰᠦᠪᠡᠨ ᠵᠠᠯᠠᠷᠠᠭᠤᠯᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ᠃
     ᠡᠨᠡ ᠬᠦ᠌ ᠠᠵᠢᠯ᠎ᠨᠢ ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠣᠭᠲᠠᠭ᠋ᠠᠯ᠎ᠠᠴᠠ  ᠵᠦᠷᠢᠴᠡᠭᠰᠡᠨ ᠰᠢᠯᠭ᠋ᠠᠷᠠᠭᠤᠯᠤᠯᠳᠠ᠂ ᠱᠠᠩᠨᠠᠯ ᠤᠯᠭᠤᠬᠤ ᠪᠠ ᠰᠦᠢ᠍ᠳᠬᠡᠯ ᠬᠤᠷᠢᠶᠠᠬᠰᠠᠨ ᠠᠵᠢᠯᠯᠠᠭ᠎ᠠ ᠵᠢ ᠬᠢᠨᠠᠨ ᠬᠠᠮᠢᠶᠠᠷᠬᠤ ᠠᠵᠢᠯ᠎ᠤᠨ ᠪᠠᠢ᠌ᠷᠢᠯᠠᠭᠤᠯᠤᠯᠲᠠ ᠵᠢ ᠴᠢᠩᠭ᠋ᠠᠳᠬᠠᠬᠤ ᠲᠤᠬᠠᠢ ᠲᠧᠯᠸᠢᠰ ᠳ᠋ᠢᠶᠠᠡᠭᠬᠤᠸᠨ ᠬᠤᠷᠠᠯ᠎ᠤᠨ ᠵᠣᠷᠢᠭ ᠰᠠᠨᠠᠭ᠎ᠠ ᠵᠢ  ᠨᠠᠢ᠌ᠳᠠᠪᠤᠷᠢᠵᠢᠭᠤᠯᠬᠤ ᠵᠢᠨ ᠲᠥᠯᠥᠭᠡ ᠶᠤᠮ᠃
      ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠲᠣᠭᠲᠠᠭ᠋ᠠᠯ᠎ᠠᠴᠠ ᠵᠦᠷᠢᠴᠡᠭᠰᠡᠨ ᠰᠢᠯᠭ᠋ᠠᠷᠠᠭᠤᠯᠤᠯᠳᠠ᠂ ᠱᠠᠩᠨᠠᠯ ᠤᠯᠭᠤᠬᠤ ᠪᠠ ᠰᠦᠢ᠍ᠳᠬᠡᠯ ᠬᠤᠷᠢᠶᠠᠬᠰᠠᠨ ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠣᠷᠢᠭ᠎ᠠ ᠱᠤᠭᠤᠮ᠎ᠤᠨ ᠤᠯᠠᠭ᠋ᠠᠨ ᠱᠤᠭᠤᠮ᠎ᠢ ᠴᠢᠩᠭ᠎ᠠ ᠰᠠᠬᠢᠬᠤ ᠵᠢ ᠠᠬᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠢᠯᠤᠭᠣᠳᠴᠤ ᠪᠠᠢ᠌ᠭ᠋ᠠᠳ ᠥᠪᠡᠷᠲᠡᠭᠡᠨ ᠵᠠᠰᠠᠬᠤ ᠣᠷᠣᠨ᠎ᠤ ᠶᠡᠬᠡ ᠲᠠᠯ᠎ᠠ᠎ᠳᠤ ᠨᠡᠩ ᠰᠠᠢ᠌ᠨ ᠦᠢ᠍ᠯᠡᠴᠢᠯᠡᠬᠦᠯᠤᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠋ᠠᠨ᠎ᠳᠤ᠎ᠬᠢ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠪᠤᠯᠤᠨ᠎ᠠ᠃ ᠲᠤᠰ ᠥᠪᠡᠷ ᠵᠶ᠋ᠡᠨ ᠵᠠᠯᠠᠷᠠᠭᠤᠯᠬᠤ ᠠᠵᠢᠯ᠎ᠢ ᠪᠠᠢ᠌ᠴᠠᠭ᠋ᠠᠬᠤ᠎ᠪᠠᠷ ᠳᠡᠮᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠣᠭᠲᠠᠭ᠋ᠠᠯ᠎ᠠᠴᠠ ᠵᠦᠷᠢᠴᠡᠭᠰᠡᠨ ᠰᠢᠯᠭ᠋ᠠᠷᠠᠭᠤᠯᠤᠯᠳᠠ᠂ ᠱᠠᠩᠨᠠᠯ ᠤᠯᠭᠤᠬᠤ ᠪᠠ ᠰᠦᠢ᠍ᠳᠬᠡᠯ ᠬᠤᠷᠢᠶᠠᠬᠤ ᠠᠵᠢᠯᠯᠠᠭ᠎ᠠ ᠥᠷᠨᠢᠭᠦᠯᠬᠦ ᠵᠢ ᠡᠷᠡᠰ ᠬᠣᠷᠢᠭᠯᠠᠬᠤ ᠪᠠ ᠪᠠᠢ᠌ᠴᠠᠭ᠋ᠠᠨ ᠰᠢᠢ᠍ᠳᠪᠦᠷᠢᠯᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠢᠯᠭ᠋ᠠᠷᠠᠭᠤᠯᠵᠤ ᠱᠠᠩᠨᠠᠬᠤ ᠠᠵᠢᠯ ᠪᠠ ᠬᠠᠤᠯᠢ ᠶᠣᠰᠣᠨ᠎ᠤ ᠵᠦᠢ ᠵᠣᠬᠢᠰᠲᠠᠢ ᠰᠦᠢ᠍ᠳᠬᠡᠯ ᠬᠤᠷᠢᠶᠠᠬᠤ ᠵᠢ ᠪᠥᠬᠥ ᠲᠠᠯ᠎ᠠ᠎ᠪᠠᠷ  ᠵᠢᠯᠤᠭᠣᠳᠬᠤ ᠪᠠ ᠵᠢᠷᠤᠮᠵᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠂ ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠵᠤ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ᠂ ᠲᠣᠭᠲᠠᠭᠤᠨ ᠪᠥᠭᠡᠳ ᠡᠷᠡᠭᠦᠯ ᠠᠵᠤ ᠠᠬᠤᠢ ᠵᠢᠨ ᠣᠷᠴᠢᠨ ᠲᠣᠭᠣᠷᠢᠨ᠎ᠢ ᠪᠠᠲᠤᠯᠠᠬᠤ᠎ᠳᠤ ᠬᠦᠴᠦᠨ ᠴᠢᠳᠠᠯ ᠵᠶ᠋ᠠᠨ  ᠢᠳᠡᠪᠬᠢᠳᠡᠢ ᠡᠷᠬᠦᠬᠦ ᠪᠤᠯᠤᠨ᠎ᠠ᠃





   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠥᠷᠪᠡᠨ 《ᠰᠢᠨ᠎ᠡ ᠰᠢᠪᠲᠤᠯᠤᠯᠲᠠ》᠎ᠨᠢ ᠤᠯᠤᠰ᠎ᠤᠨ ᠦᠮᠴᠢᠯᠡᠯᠳᠤ ᠠᠵᠤ ᠠᠬᠤᠢ ᠲᠣᠭᠲᠠᠭᠤᠨ᠎ᠤ ᠲᠤᠮᠳᠠ ᠰᠠᠢ᠌ᠵᠢᠷᠠᠬᠤ ᠬᠠᠨᠳᠤᠰᠢ᠎ᠲᠠᠢ ᠪᠠᠢ᠌ᠬᠤ ᠵᠢ ᠢᠯᠡᠷᠡᠭᠦᠯᠪᠡ
ᠳᠥᠷᠪᠡᠨ 《ᠰᠢᠨ᠎ᠡ ᠰᠢᠪᠲᠤᠯᠤᠯᠲᠠ》᠎ᠨᠢ ᠤᠯᠤᠰ᠎ᠤᠨ ᠦᠮᠴᠢᠯᠡᠯᠳᠤ ᠠᠵᠤ ᠠᠬᠤᠢ ᠲᠣᠭᠲᠠᠭᠤᠨ᠎ᠤ ᠲᠤᠮᠳᠠ ᠰᠠᠢ᠌ᠵᠢᠷᠠᠬᠤ ᠬᠠᠨᠳᠤᠰᠢ᠎ᠲᠠᠢ ᠪᠠᠢ᠌ᠬᠤ ᠵᠢ ᠢᠯᠡᠷᠡᠭᠦᠯᠪᠡ
ᠥᠪᠥᠷ ᠮᠣᠩᠭᠣᠯ (ᠬᠥᠬᠡᠬᠣᠲᠠ)᠎ᠤᠨ 《ᠬᠣᠶᠠᠷ ᠲᠥᠪ》᠎ᠢ ᠠᠰᠢᠬᠯᠠᠯᠳᠠ᠎ᠳᠤ ᠤᠷᠤᠭᠤᠯᠬᠤ ᠪᠠ 《ᠨᠢᠭᠡ ᠠᠵᠢᠯᠯᠠᠭ᠎ᠠ》 ᠵᠢᠨ ᠡᠬᠢᠯᠡᠯᠲᠡ ᠵᠢᠨ ᠶᠣᠰᠣᠯᠠᠯ ᠬᠥᠬᠡᠬᠣᠲᠠ᠎ᠳᠤ ᠶᠠᠪᠤᠭᠳᠠᠪᠠ
ᠥᠪᠥᠷ ᠮᠣᠩᠭᠣᠯ᠎ᠤᠨ ᠢᠳᠡᠭᠡᠨ ᠤᠮᠳᠠᠭ᠋ᠠᠨ ᠪᠠ ᠵᠣᠴᠢᠳ᠎ᠤᠨ ᠪᠠᠭᠤᠳᠠᠯ᠎ᠤᠨ ᠠᠵᠢᠯ ᠲᠥᠷᠥᠯ᠎ᠤᠨ ᠨᠡᠢ᠌ᠭᠡᠮᠯᠢᠭ᠎ᠤᠨ᠎ᠬᠢᠨ 《ᠲᠥᠪ ᠶᠣᠰᠣ ᠵᠢ ᠰᠠᠬᠢᠵᠤ ᠰᠢᠨ᠎ᠡ ᠵᠢ ᠡᠬᠦᠳᠤᠨ᠂ ᠰᠠᠢ᠌ᠨ ᠰᠠᠢ᠌ᠬᠠᠨ᠎ᠢ ᠬᠤᠪᠢᠶᠠᠯᠴᠠᠬᠤ》 ᠢᠳᠡᠭᠡᠨ ᠤᠮᠳᠠᠭ᠋ᠠᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠤᠷᠠᠯ ᠬᠢᠪᠡ
ᠮᠠᠨ᠎ᠤ ᠤᠷᠤᠨ 《ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠵᠢ ᠴᠢᠩᠭ᠋ᠠᠳᠬᠠᠵᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠲᠠᠰ ᠲᠥᠷᠥᠯ ᠬᠤᠪᠢᠶᠠᠨ ᠰᠠᠢ᠌ᠲᠤᠷ ᠬᠢᠬᠦ ᠲᠤᠬᠠᠢ ᠪᠣᠳᠠᠲᠠᠢ ᠠᠷᠭ᠎ᠠ》 ᠵᠢ ᠨᠡᠢ᠌ᠲᠡᠯᠡᠪᠡ
 
            