ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠳᠥᠷᠪᠡᠨ 《ᠰᠢᠨ᠎ᠡ ᠰᠢᠪᠲᠤᠯᠤᠯᠲᠠ》᠎ᠨᠢ ᠤᠯᠤᠰ᠎ᠤᠨ ᠦᠮᠴᠢᠯᠡᠯᠳᠤ ᠠᠵᠤ ᠠᠬᠤᠢ ᠲᠣᠭᠲᠠᠭᠤᠨ᠎ᠤ ᠲᠤᠮᠳᠠ ᠰᠠᠢ᠌ᠵᠢᠷᠠᠬᠤ ᠬᠠᠨᠳᠤᠰᠢ᠎ᠲᠠᠢ ᠪᠠᠢ᠌ᠬᠤ ᠵᠢ ᠢᠯᠡᠷᠡᠭᠦᠯᠪᠡ
ᠨᠡᠶᠢᠲᠡᠯᠡᠭᠰᠡᠨ ᠴᠠᠭ᠄ 2024-01-17

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ᠎ᠬᠢᠨ᠎ᠤ 1 ᠳ᠋ᠤᠬᠡᠷ ᠰᠠᠷ᠎ᠠ ᠵᠢᠨ 16᠎ᠤ ᠡᠳᠦᠷ 《2023 ᠤᠨ᠎ᠤ ᠡᠷᠭᠢᠴᠡᠭᠦᠯᠦᠯ 》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠠᠷᠪᠠᠨ ᠨᠢᠭᠡᠳᠦᠭᠡᠷ ᠲᠠᠯᠠᠪᠤᠷ — ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠵᠥᠪᠯᠡᠯ᠎ᠤᠨ ᠲᠤᠰᠬᠠᠢ ᠲᠠᠯᠠᠪᠤᠷ᠎ᠢ ᠡᠷᠭᠢᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠥᠬᠥ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠥᠭᠡᠷᠡᠴᠢᠯᠡᠯᠲᠡ ᠬᠦᠭᠵᠢᠬᠦᠯᠤᠯᠳᠡ ᠪᠤᠯᠤᠨ ᠤᠯᠤᠰ᠎ᠤᠨ ᠥᠮᠴᠢᠯᠡᠯᠲᠦ ᠠᠵᠤ ᠠᠬᠤᠢ ᠵᠢᠨ ᠠᠵᠢᠯᠯᠠᠭ᠋ᠠᠨ᠎ᠤ ᠪᠠᠢ᠌ᠳᠠᠯ᠎ᠢ ᠲᠠᠨᠢᠯᠴᠠᠭᠤᠯᠤᠬᠰᠠᠨ᠎ᠤ ᠬᠠᠮᠳᠤ ᠰᠤᠷᠪᠤᠯᠵᠢᠯᠠᠬ᠍ᠴᠢ ᠵᠢᠨ ᠠᠰᠠᠭᠤᠯᠳᠠ ᠵᠢ ᠬᠠᠷᠢᠭᠤᠯᠪᠠ᠃
    2023 ᠣᠨ᠎ᠳᠤ ᠪᠦᠬᠦ ᠣᠷᠣᠨ᠎ᠤ ᠤᠯᠤᠰ᠎ᠤᠨ ᠦᠮᠴᠢᠯᠡᠯᠳᠤ ᠡᠳ᠋ ᠬᠥᠷᠥᠩᠭᠡ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠰᠢᠰᠲᠸᠮ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠢ᠌ᠲᠤᠷ ᠨᠠᠢ᠌ᠳᠠᠪᠤᠷᠢᠵᠢᠭᠤᠯᠬᠤ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠶ᠋ᠢᠭᠤᠯᠬᠤ ᠬᠣᠶᠠᠷ ᠶᠡᠬᠡ ᠶᠠᠪᠤᠳᠠᠯ᠎ᠤᠨ ᠲᠣᠭᠣᠷᠢᠨ᠎ᠳᠤ ᠥᠭᠡᠷᠡᠴᠢᠯᠡᠯᠲᠡ ᠵᠢ ᠠᠳᠬᠤᠵᠤ᠂ ᠬᠦᠭᠵᠢᠯᠳᠡ ᠵᠢ ᠠᠬᠢᠭᠤᠯᠵᠤ᠂ ᠲᠦᠷᠪᠡᠨ 《ᠰᠢᠨ᠎ᠡ ᠰᠢᠪᠲᠤᠯᠤᠯᠲᠠ》᠎ᠪᠠᠷ ᠥᠪᠥᠷ ᠮᠣᠩᠭᠣᠯ᠎ᠤᠨ ᠤᠯᠤᠰ᠎ᠤᠨ ᠦᠮᠴᠢᠯᠡᠯᠳᠤ ᠠᠵᠤ ᠠᠬᠤᠢ ᠵᠢᠨ ᠲᠣᠭᠲᠠᠭᠤᠨ᠎ᠤ ᠳᠤᠮᠳᠠ  ᠰᠠᠢ᠌ᠵᠢᠷᠠᠵᠤ ᠪᠠᠢ᠌ᠭ᠎ᠠ ᠪᠠᠢ᠌ᠳᠠᠯ᠎ᠢ ᠲᠠᠢ᠌ᠯᠪᠤᠷᠢᠯᠠᠪᠠ᠃
    ᠤᠯᠤᠰ᠎ᠤᠨ ᠦᠮᠴᠢᠯᠡᠯᠳᠤ ᠡᠳ᠋ ᠬᠥᠷᠥᠩᠭᠡ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠬᠥᠭᠵᠢᠯᠲᠡ ᠵᠢᠨ 《  ᠪᠤᠭᠤᠮᠳᠠ ᠰᠢᠪᠳᠤᠯᠤᠯᠳᠠ》 ᠵᠢ ᠭᠦᠨᠵᠡᠭᠡᠢ ᠠᠬᠢᠭᠤᠯᠵᠤ᠂ ᠤᠯᠤᠰ᠎ᠤᠨ ᠦᠮᠴᠢᠯᠡᠯᠳᠤ  ᠠᠵᠤ ᠠᠬᠤᠢ ᠵᠢᠨ ᠬᠥᠭᠵᠢᠯᠲᠡ ᠵᠢᠨ ᠴᠢᠨᠠᠷ ᠴᠢᠨᠰᠠᠭ᠎ᠠ ᠦᠷ᠎ᠡ ᠠᠰᠢᠭ᠎ᠢ ᠳᠡᠭᠡᠭᠰᠢᠯᠡᠭᠦᠯᠬᠦ ᠲᠠᠯ᠎ᠠ᠎ᠪᠠᠷ 《ᠤᠷᠢᠳ ᠵᠶ᠋ᠠᠷ ᠪᠤᠭᠤᠮᠳᠠ ᠰᠢᠪᠲᠤᠯᠵᠤ᠂ ᠠᠵᠤ ᠠᠬᠤᠢ᠌ᠯᠠᠯ ᠳᠠᠷᠠᠭ᠋ᠠᠯᠠᠨ ᠰᠢᠪᠲᠤᠯᠤᠯᠲᠠ ᠬᠢᠬᠦ》 ᠰᠡᠳᠬᠢᠮᠵᠢ ᠶᠣᠰᠣᠭ᠋ᠠᠷ ᠭᠡᠷ ᠪᠠᠢ᠌ᠰᠢᠩ ᠭᠠᠵᠠᠷ ᠬᠥᠷᠥᠩᠭᠡ᠂ ᠭᠠᠵᠠᠷ ᠰᠢᠷᠣᠢ᠂ ᠰᠤᠯᠠ ᠬᠠᠶᠠᠭᠳᠠᠯ ᠡᠳ᠋ ᠬᠥᠷᠥᠩᠭᠡ ᠵᠡᠷᠭᠡ ᠠᠷᠪᠠᠨ ᠲᠠᠯ᠎ᠠ᠎ᠠᠴᠠ ᠡᠬᠢᠯᠡᠨ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠳᠤ ᠰᠠᠭᠤᠷᠢ ᠲᠠᠯᠪᠢᠵᠤ᠂ ᠡᠯ᠎ᠡ ᠲᠥᠷᠥᠯ᠎ᠤᠨ ᠡᠬᠢ ᠪᠠᠶᠠᠯᠢᠭ ᠡᠳ᠋ ᠬᠥᠷᠥᠩᠭᠡ ᠵᠢ ᠪᠥᠬᠥ ᠲᠠᠯ᠎ᠠ᠎ᠪᠠᠷ ᠠᠮᠢᠳᠤᠯᠢᠬ᠍ᠵᠢᠭᠤᠯᠤᠨ᠂ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ᠎ᠢ ᠲᠡᠭᠡᠭᠰᠢᠯᠡᠬᠦᠯᠪᠡ ᠃ ᠦᠷᠭᠦᠯᠵᠢᠯᠡᠨ ᠠᠯᠳᠠᠭᠳᠠᠯ᠎ᠲᠠᠢ ᠠᠵᠤ ᠠᠬᠤᠢ᠌ᠯᠠᠯ᠂ ᠥᠷᠢ ᠶᠡᠬᠡᠲᠡᠢ ᠠᠵᠤ ᠠᠬᠤᠢ᠌ᠯᠠᠯ ᠪᠠ ᠬᠡᠪ᠎ᠤᠨ ᠪᠤᠰᠤ ᠡᠵᠡᠩᠨᠡᠯᠲᠡ ᠵᠢᠨ ᠠᠵᠤ ᠠᠬᠤᠢ᠌ᠯᠠᠯ᠎ᠢ ᠴᠢᠩᠭ᠎ᠠ ᠠᠩᠬᠠᠷᠴᠤ᠂ ᠳᠣᠲᠣᠭ᠋ᠠᠳᠤ ᠵᠢᠨ ᠲᠤᠰᠬᠠᠢ᠌ᠵᠢᠭᠤᠯᠤᠨ ᠡᠮᠬᠢᠯᠡᠨ ᠨᠡᠢ᠌ᠯᠡᠭᠦᠯᠬᠦ ᠪᠠ ᠳᠠᠮᠫᠤᠷᠠᠯ᠎ᠢ ᠢᠯᠭ᠋ᠠᠷᠠᠭᠤᠯᠤᠨ ᠪᠤᠳᠤᠬᠤ ᠠᠵᠢᠯ᠎ᠢ ᠲᠦᠷᠭᠡᠳᠬᠡᠵᠦ᠂ ᠨᠢᠭᠡᠳᠦᠭᠡᠷ ᠱᠠᠲᠤᠨ᠎ᠤ ᠬᠢᠨᠠᠨ ᠬᠠᠮᠢᠶᠠᠷᠬᠤ ᠠᠵᠤ ᠠᠬᠤᠢ᠌ᠯᠠᠯ᠎ᠤᠨ ᠡᠵᠡᠩᠨᠡᠯᠲᠡ ᠵᠢᠨ ᠴᠢᠨᠠᠷᠲᠠᠢ ᠠᠯᠳᠠᠭᠳᠠᠯ᠎ᠤᠨ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠦᠷᠢᠯᠡᠵᠦ᠂ ᠲᠤᠰᠠᠭ᠋ᠠᠷ ᠲᠣᠭ᠋ᠠᠴᠠᠭ᠎ᠠ ᠬᠢᠬᠦ ᠠᠵᠤ ᠠᠬᠤᠢ᠌ᠯᠠᠯ᠎ᠤᠨ ᠠᠯᠳᠠᠭᠳᠠᠯ᠎ᠤᠨ ᠬᠡᠪᠴᠢᠶ᠎ᠡ ᠵᠢ 16.2% ᠪᠣᠯᠲᠠᠯ᠎ᠠ ᠪᠠᠭᠤᠷᠠᠭᠤᠯᠪᠠ᠃ ᠪᠠᠢ᠌ᠷᠢᠰᠢᠭᠤᠯᠤᠯᠲᠠ ᠵᠢᠨ ᠪᠦᠲᠦᠴᠡ ᠵᠢ ᠶᠡᠬᠡ᠎ᠪᠠᠷ ᠰᠢᠯᠢᠳᠡᠭᠵᠢᠭᠦᠯᠵᠦ᠂ ᠵᠠᠮ ᠬᠠᠷᠢᠯᠴᠠᠭ᠋ᠠᠨ᠎ᠤ ᠪᠦᠯᠦᠭᠯᠡᠯ ᠵᠡᠷᠭᠡ 12 ᠠᠵᠤ ᠠᠬᠤᠢ᠌ᠯᠠᠯ᠎ᠤᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠳᠠᠬᠢᠨ ᠵᠣᠬᠢᠶᠠᠨ ᠪᠠᠶ᠋ᠢᠭᠤᠯᠬᠤ ᠪᠠ ᠲᠤᠰᠬᠠᠢ᠌ᠵᠢᠭᠤᠯᠤᠨ ᠡᠮᠬᠢᠯᠡᠬᠦ ᠠᠵᠢᠯ᠎ᠢ ᠪᠡᠶᠡᠯᠡᠭᠦᠯᠦᠨ᠂ ᠤᠯᠤᠰ᠎ᠤᠨ ᠠᠷᠠᠯᠵᠢᠶᠠᠨ᠎ᠤ ᠪᠦᠯᠦᠭᠯᠡᠯ᠎ᠢ ᠪᠠᠢ᠌ᠭᠤᠯᠵᠤ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠡᠨᠧᠷᠭᠢ ᠵᠢᠨ ᠨᠥᠭᠡᠴᠡ᠂ ᠤᠰᠤᠲᠥ᠋ᠷᠥᠭᠴᠢ ᠬᠣᠭᠣᠯᠠᠢ ᠵᠢᠨ ᠲᠤᠤᠷᠵᠢᠯ ᠵᠡᠷᠭᠡ ᠬᠤᠪᠢᠶᠠᠷᠢ ᠠᠵᠤ ᠠᠬᠤᠢ᠌ᠯᠠᠯ᠎ᠢ ᠰᠢᠨ᠎ᠡ᠎ᠪᠠᠷ ᠪᠠᠢ᠌ᠭᠤᠯᠵᠤ᠂ 《  ᠦᠪᠤᠷ ᠮᠣᠩᠭᠣᠯ ᠨᠠᠷᠠᠲᠤ ᠲᠡᠮᠳᠡᠭᠲᠦ》 ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠰᠢᠨ᠎ᠡ ᠬᠡᠪ ᠳᠠᠭᠤᠷᠢᠶᠠᠯ᠎ᠢ ᠴᠢᠷᠮᠠᠢ᠌ᠨ ᠪᠣᠶ ᠪᠤᠯᠭ᠋ᠠᠪᠠ᠃ 2023 ᠣᠨ᠎ᠤ ᠡᠴᠦᠰ ᠪᠣᠯᠲᠠᠯ᠎ᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠳᠤ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠵᠥᠪᠯᠡᠯ᠎ᠤᠨ ᠬᠢᠨᠠᠨ ᠬᠠᠮᠢᠶᠠᠷᠬᠤ ᠠᠵᠤ ᠠᠬᠤᠢ᠌ᠯᠠᠯ᠎ᠤᠨ ᠡᠳ᠋ ᠬᠥᠷᠥᠩᠭᠡ ᠵᠢᠨ ᠶᠡᠷᠦᠩᠬᠡᠢ ᠲᠣᠭ᠎ᠠ 9787.9 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 9.7%᠎ᠪᠠᠷ ᠨᠡᠮᠡᠭᠳᠡᠪᠡ᠃ 2023 ᠣᠨ᠎ᠳᠤ ᠮᠠᠨ᠎ᠤ ᠣᠷᠣᠨ᠎ᠤ ᠤᠯᠤᠰ᠎ᠤᠨ ᠦᠮᠴᠢᠯᠡᠯᠳᠤ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠵᠥᠪᠯᠡᠯ᠎ᠤᠨ ᠬᠢᠨᠠᠨ ᠬᠠᠮᠢᠶᠠᠷᠬᠤ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ 2836.4 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.9% ᠨᠡᠮᠡᠭᠳᠡᠪᠡ᠃ 122.5 ᠳ᠋ᠦᠩᠰᠢᠭᠤᠷ ᠲᠥᠭᠥᠷᠢᠭ᠎ᠤᠨ ᠠᠰᠢᠭ ᠣᠯᠵᠠᠪᠤᠷᠢ ᠵᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 50.7 ᠳ᠋ᠦᠩᠰᠢᠭᠤᠷ ᠲᠥᠭᠥᠷᠢᠭ᠎ᠤᠨ ᠣᠯᠵᠠᠪᠤᠷᠢ᠎ᠲᠠᠢ ᠪᠣᠯᠪᠠ᠃
    ᠲᠡᠷᠢᠭᠦᠨ᠎ᠤ ᠠᠵᠤ ᠠᠬᠤᠢ᠌ᠯᠠᠯ᠎ᠢ ᠪᠠᠶ᠋ᠢᠭᠤᠯᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠤᠯᠤᠰ᠎ᠤᠨ ᠦᠮᠴᠢᠯᠡᠯᠳᠤ  ᠠᠵᠤ ᠠᠬᠤᠢ᠌ᠯᠠᠯ᠎ᠤᠨ ᠭᠣᠣᠯᠯᠠᠬᠤ ᠴᠢᠳᠠᠮᠵᠢ ᠵᠢ ᠴᠢᠩᠭ᠋ᠠᠷᠠᠭᠤᠯᠬᠤ᠂ ᠤᠯᠤᠰ᠎ᠤᠨ ᠦᠮᠴᠢᠯᠡᠯᠳᠤ  ᠠᠵᠤ ᠠᠬᠤᠢ᠌ᠯᠠᠯ᠎ᠤᠨ ᠭᠣᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠲᠠᠯ᠎ᠠ᠎ᠪᠠᠷ ᠰᠢᠨ᠎ᠡ ᠠᠬᠢᠯᠳᠠ᠎ᠲᠠᠢ ᠪᠤᠯᠪᠠ᠃ ᠪᠥᠬᠥ ᠣᠷᠣᠨ᠎ᠤ ᠡᠯ᠎ᠡ ᠱᠠᠲᠤᠨ᠎ᠤ ᠤᠯᠤᠰ᠎ᠤᠨ ᠦᠮᠴᠢᠯᠡᠯᠳᠤ  ᠠᠵᠤ ᠠᠬᠤᠢ᠌ᠯᠠᠯ᠎ᠢ ᠪᠠᠶ᠋ᠢᠭᠤᠯᠬᠤ ᠲᠡᠷᠢᠭᠦᠨ᠎ᠤ ᠢᠨᠵᠧᠨᠧᠷᠢᠩ᠎ᠢ ᠨᠢᠭᠡᠳᠦᠯᠲᠡᠢ ᠲᠥᠯᠥᠪᠯᠡᠵᠦ᠂ ᠥᠪᠥᠷ ᠮᠣᠩᠭᠣᠯ᠎ᠤᠨ ᠬᠡᠰᠡᠭ ᠤᠯᠤᠰ᠎ᠤᠨ ᠦᠮᠴᠢᠯᠡᠯᠳᠤ  ᠠᠵᠤ ᠠᠬᠤᠢ᠌ᠯᠠᠯ᠎ᠢ ᠪᠠᠶ᠋ᠢᠭᠤᠯᠬᠤ ᠳᠡᠯᠡᠬᠡᠢ ᠵᠢᠨ ᠲᠡᠷᠢᠭᠦᠨ᠎ᠤ ᠲᠤᠰᠬᠠᠢ ᠮᠡᠷᠭᠡᠵᠢᠯ᠎ᠤᠨ ᠳᠠᠭ᠋ᠠᠭᠤᠯᠤᠭᠴᠢ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠤᠨ ᠨᠡᠷᠡᠰ ᠪᠠ ᠪᠥᠬᠥ ᠤᠯᠤᠰ᠎ᠤᠨ 20 ᠥᠭᠡᠷᠡᠴᠢᠯᠡᠯᠲᠡ ᠵᠢᠨ ᠬᠡᠪ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠦᠷᠭᠦᠯᠵᠢᠯᠡᠨ ᠬᠥᠲᠥᠯᠥᠨ ᠵᠢᠯᠤᠭᠣᠳᠴᠤ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯᠯᠠᠭ᠎ᠠ ᠥᠷᠨᠢᠭᠦᠯᠵᠦ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ᠎ᠬᠢᠨ ᠪᠦᠬᠦ ᠤᠯᠤᠰ᠎ᠤᠨ ᠠᠩᠬᠠᠳᠠᠭᠴᠢ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭ᠋ᠠᠯᠠᠬᠤ ᠰᠢᠰᠲᠸᠮ᠎ᠤᠨ ᠵᠢᠱ᠌ᠢᠶ᠎ᠡ ᠦᠵᠡᠭᠦᠯᠬᠦ ᠲᠥᠬᠦᠭᠡᠷᠦᠮᠵᠢ ᠵᠢ ᠪᠠᠢ᠌ᠭᠤᠯᠵᠤ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠪᠦᠯᠦᠭᠯᠡᠯ᠎ᠤᠨ᠎ᠬᠢᠨ ᠪᠡᠭᠡᠵᠢᠩ᠎ᠤᠨ ᠬᠤᠸᠠᠢ ᠷᠧᠦ ᠲᠤᠷᠰᠢᠯᠲᠠ ᠵᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ᠎ᠢ ᠨᠠᠢ᠌ᠳᠠᠪᠤᠷᠢᠵᠢᠭᠤᠯᠬᠤ ᠵᠢ ᠢᠳᠡᠪᠬᠢᠲᠡᠢ ᠠᠬᠢᠭᠤᠯᠪ᠊᠃ ᠰᠢᠨ᠎ᠡ ᠡᠵᠡᠩᠨᠡᠯᠲᠡ ᠵᠢᠨ ᠬᠦᠷᠢᠶ᠎ᠡ ᠴᠠᠷᠠᠭ᠎ᠠ᠎ᠳᠤ᠎ᠬᠢ ᠴᠢᠬᠤᠯᠠ ᠶᠡᠬᠡ ᠲᠥᠷᠥᠯ ᠵᠦᠢ᠍ᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠤᠯᠠᠭ᠋ᠠᠨᠪᠤᠬ᠎ᠠ ᠡᠯᠡᠰᠦᠨ ᠴᠥᠯ᠎ᠤᠨ 1200 ᠲᠦᠮᠡᠨ ᠺᠢᠯᠣᠸᠠᠲ᠎ᠤᠨ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ ᠬᠡᠷᠡᠯ ᠸᠣᠯᠲ᠎ᠤᠨ ᠰᠠᠭᠤᠷᠢᠨ ᠭᠠᠵᠠᠷ᠂ 《ᠴᠤᠤᠯ ᠭᠣᠣᠯ᠎ᠢ ᠲᠠᠲᠠᠵᠤ ᠯᠢᠶᠣᠤᠨᠢᠩ᠎ᠤᠨ᠎ᠬᠢᠨ᠎ᠢ ᠲᠤᠰᠠᠯᠠᠬᠤ》 ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ ᠪᠠ ᠬᠥᠬᠡᠬᠣᠲᠠ ᠵᠢᠨ ᠰᠢᠨ᠎ᠡ ᠨᠢᠰᠬᠡᠯ᠎ᠤᠨ ᠪᠠᠭᠤᠳᠠᠯ᠎ᠤᠨ ᠲᠦᠷᠬᠡᠨ᠎ᠤ ᠵᠠᠮ᠂ ᠪᠤᠭᠤᠲᠤ᠎ᠠᠴᠠ ᠢᠷᠭ᠋ᠠᠢ ᠬᠦᠷᠬᠦ ᠲᠦᠷᠬᠡᠨ᠎ᠤ ᠲᠡᠮᠦᠷ ᠵᠠᠮ᠂ ᠵᠢᠨᠢᠡᠭ — ᠳ᠋ᠠᠲ᠋ᠦᠡᠭ — ᠲᠠᠢ᠌ᠶᠤᠸᠠᠨ ᠲᠦᠷᠬᠡᠨ᠎ᠤ ᠲᠡᠮᠦᠷ ᠵᠠᠮ ᠵᠡᠷᠭᠡ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠤᠷᠳᠤᠴᠠ ᠵᠢ ᠲᠦᠷᠭᠡᠳᠬᠡᠪᠡ᠃ 2023 ᠣᠨ᠎ᠳᠤ ᠮᠠᠨ᠎ᠤ ᠣᠷᠣᠨ᠎ᠤ ᠤᠯᠤᠰ᠎ᠤᠨ ᠦᠮᠴᠢᠯᠡᠯᠳᠤ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠵᠥᠪᠯᠡᠯ᠎ᠤᠨ ᠬᠢᠨᠠᠨ ᠬᠠᠮᠢᠶᠠᠷᠬᠤ ᠠᠵᠤ ᠠᠬᠤᠢ᠌ᠯᠠᠯ 886.15 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 36.65%᠎ᠪᠠᠷ ᠨᠡᠮᠡᠭᠳᠡᠪᠡ᠃
    ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠪᠠᠢ᠌ᠭᠤᠯᠤᠯ ᠲᠣᠭᠲᠠᠴᠠ ᠵᠢ ᠲᠡᠭᠦᠯᠳᠡᠷᠵᠢᠭᠦᠯᠬᠦ᠂ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠬᠥᠭᠵᠢᠯᠲᠡ ᠵᠢᠨ ᠠᠮᠢᠳᠤᠯᠢᠭ ᠬᠦᠴᠦᠨ᠎ᠢ ᠳᠡᠭᠡᠭᠰᠢᠯᠡᠭᠦᠯᠬᠦ ᠲᠠᠯ᠎ᠠ᠎ᠪᠠᠷ ᠰᠢᠨ᠎ᠡ ᠰᠢᠪᠲᠤᠯᠤᠯᠲᠠ  ᠭᠠᠷᠭ᠋ᠠᠪᠠ᠃ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠭᠰᠡᠨ ᠭᠤᠷᠪᠠᠨ ᠵᠢᠯ᠎ᠤᠨ ᠠᠵᠢᠯᠯᠠᠭ᠎ᠠ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠱᠠᠲᠤ ᠲᠦᠷᠦᠯ ᠬᠤᠪᠢᠶᠠᠵᠤ᠂ ᠠᠵᠤ ᠠᠬᠤᠢ᠌ᠯᠠᠯ᠎ᠤᠨ ᠨᠠᠮ᠎ᠤᠨ ᠬᠣᠷᠢᠶ᠎ᠠ ᠵᠢᠨ ᠤᠷᠢᠳᠠᠴᠢ ᠰᠤᠳᠤᠯᠭ᠋ᠠᠨ᠎ᠤ ᠵᠦᠢ᠍ᠯᠡᠰ 700 ᠭᠠᠷᠤᠢ ᠵᠦᠢ᠍ᠯ᠎ᠢ ᠬᠥᠳᠡᠯᠦᠩᠭᠦᠢ᠎ᠪᠠᠷ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ ᠵᠢᠨ ᠵᠠᠭ᠋ᠠᠭ᠎ᠢ ᠤᠯᠠᠮ ᠲᠣᠳᠣᠷᠬᠠᠢ ᠪᠣᠯᠭ᠋ᠠᠪᠠ᠃ ᠡᠯ᠎ᠡ ᠱᠠᠲᠤᠨ᠎ᠤ ᠠᠵᠤ ᠠᠬᠤᠢ᠌ᠯᠠᠯ᠎ᠤᠨ ᠬᠡᠷᠡᠭ ᠮᠡᠳᠡᠭᠴᠢᠳ᠎ᠤᠨ ᠵᠥᠪᠯᠡᠯ᠎ᠤᠨ ᠠᠵᠢᠯᠯᠠᠭ᠋ᠠᠨ᠎ᠤ ᠦᠷ᠎ᠡ ᠪᠦᠲᠦᠮᠵᠢ ᠵᠢ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠵᠠᠬᠢᠷᠤᠯ᠎ᠤᠨ  ᠲᠡᠰ᠎ᠤᠨ ᠪᠦᠷᠢᠯᠳᠦᠭᠦᠨ᠎ᠢ ᠵᠠᠬ᠎ᠠ ᠳᠡᠯᠭᠡᠭᠦᠷᠴᠢᠯᠡᠨ ᠰᠣᠩᠭᠣᠨ ᠤᠷᠢᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠵᠤ᠂ ᠬᠠᠮᠢᠶᠠᠷᠤᠯᠲᠠ ᠵᠢᠨ ᠠᠵᠢᠯᠲᠠᠨ ᠥᠷᠢᠰᠦᠯᠳᠦᠨ ᠠᠵᠢᠯ᠎ᠤᠨ ᠪᠠᠢ᠌ᠷᠢ᠎ᠳᠤ ᠭᠠᠷᠬᠤ᠂ ᠡᠴᠦᠰ᠎ᠤᠨ ᠳᠡᠰ᠎ᠲᠤ ᠲᠣᠬᠢᠷᠠᠭᠤᠯᠤᠯᠲᠠ ᠬᠢᠬᠦ ᠪᠠ ᠡᠭᠦᠷᠭᠡᠯᠡᠵᠦ ᠳᠡᠶ᠋ᠢᠯᠬᠦ ᠦᠭᠡᠢ ᠪᠣᠯ ᠤᠬᠤᠷᠢᠨ ᠭᠠᠷᠬᠤ ᠠᠵᠢᠯ᠎ᠢ ᠶᠡᠬᠡ᠎ᠪᠠᠷ ᠠᠬᠢᠭᠤᠯᠵᠤ᠂ ᠰᠢᠯᠢᠳᠡᠭ ᠴᠢᠳᠠᠪᠤᠷᠢᠲᠠᠨ᠎ᠢ ᠱᠠᠲᠤ ᠠᠯᠭ᠋ᠠᠰᠠᠨ ᠰᠣᠩᠭᠣᠨ ᠬᠠᠮᠢᠶᠠᠷᠤᠯᠲᠠ ᠵᠢᠨ ᠠᠵᠢᠯ᠎ᠤᠨ ᠪᠠᠢ᠌ᠷᠢ᠎ᠳᠤ ᠭᠠᠷᠭ᠋ᠠᠪᠠ᠃ ᠦᠷ᠎ᠡ ᠠᠰᠢᠭ ᠵᠶ᠋ᠠᠷ ᠤᠳᠤᠷᠢᠳᠤᠮᠵᠢ ᠪᠣᠯᠭ᠋ᠠᠨ ᠥᠭᠡᠷᠡᠴᠢᠯᠡᠯᠲᠡ ᠵᠢᠨ ᠬᠢᠨᠠᠨ ᠰᠢᠯᠭ᠋ᠠᠵᠤ ᠬᠤᠪᠢᠶᠠᠷᠢᠯᠠᠬᠤ ᠲᠣᠭᠲᠠᠴᠠ ᠵᠢ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠤ ᠴᠠᠯᠢᠩ ᠬᠥᠯᠥᠰᠦ ᠬᠢᠭᠡᠳ ᠦᠷ᠎ᠡ ᠠᠰᠢᠭ᠎ᠢ ᠬᠣᠯᠪᠣᠭᠳᠠᠭᠤᠯᠬᠤ ᠠᠷᠭ᠎ᠠ ᠵᠢ ᠬᠡᠷᠡᠭᠵᠢᠭᠦᠯᠦᠨ᠂ ᠰᠢᠯᠢᠳᠡᠭ᠎ᠢ᠎ᠨᠢ ᠱᠠᠩᠨᠠᠵᠤ ᠮᠠᠭᠤ ᠵᠢ᠎ᠨᠢ ᠲᠣᠷᠭ᠋ᠠᠬᠤ᠂ ᠱᠠᠩᠨᠠᠵᠤ ᠲᠣᠷᠭ᠋ᠠᠬᠤ ᠵᠢ ᠲᠣᠳᠣᠷᠬᠠᠢ ᠪᠠᠢ᠌ᠯᠭ᠋ᠠᠬᠤ ᠬᠥᠮᠥᠨ ᠬᠡᠷᠡᠭᠯᠡᠬᠦ ᠤᠳᠤᠷᠢᠳᠤᠮᠵᠢ ᠵᠢ ᠪᠣᠶ  ᠪᠤᠯᠭ᠋ᠠᠪᠠ᠃
   ᠬᠢᠨᠠᠯᠲᠠ ᠬᠠᠮᠢᠶᠠᠷᠤᠯᠲᠠ ᠵᠢᠨ ᠠᠷᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠤᠰ᠎ᠤᠨ ᠦᠮᠴᠢᠯᠡᠯᠳᠤ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ ᠰᠢᠨ᠎ᠡ ᠰᠢᠪᠲᠤᠯᠤᠯᠲᠠ  ᠭᠠᠷᠭ᠋ᠠᠪᠠ᠃ ᠲᠤᠬᠠᠢ᠌ᠯᠠᠭᠰᠠᠨ ᠠᠵᠢᠯ᠎ᠳᠤ ᠬᠢᠨᠠᠯᠲᠠ ᠲᠠᠯᠪᠢᠬᠤ᠂ ᠶᠡᠷᠦᠩᠬᠡᠢ᠌ᠯᠡᠨ ᠬᠢᠨᠠᠯᠲᠠ ᠲᠠᠯᠪᠢᠬᠤ᠂ ᠬᠠᠷᠢᠭᠤᠴᠠᠯᠭ᠎ᠠ ᠨᠡᠬᠡᠮᠵᠢᠯᠡᠬᠦ 《ᠭᠤᠷᠪᠠ ᠵᠢ ᠨᠢᠭᠡ ᠴᠣᠭᠴᠠᠵᠢᠭᠤᠯᠤᠭᠰᠠᠨ》 ᠪᠡᠯᠡ ᠭᠠᠷᠭ᠋ᠠᠭᠴᠢ᠎ᠳᠤ ᠬᠢᠨᠠᠯᠲᠠ ᠲᠠᠯᠪᠢᠬᠤ ᠰᠢᠰᠲᠸᠮ᠎ᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠲᠦᠰᠢᠭᠯᠡᠨ ᠲᠥᠪᠯᠡᠷᠡᠭᠦᠯᠦᠨ ᠬᠤᠳᠠᠯᠳᠤᠨ ᠠᠪᠬᠤ᠂ ᠢᠯᠡ᠎ᠪᠠᠷ ᠬᠤᠳᠠᠯᠳᠤᠨ ᠠᠪᠬᠤ᠂ ᠰᠦᠯᠵᠢᠶᠡᠨ ᠳᠡᠭᠡᠷ᠎ᠡ᠎ᠠᠴᠠ ᠬᠤᠳᠠᠯᠳᠤᠨ ᠠᠪᠬᠤ᠂ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠵᠡᠷᠭᠡ ᠭᠣᠣᠯᠳᠠᠯᠭ᠎ᠠ᠎ᠲᠠᠢ ᠲᠣᠭ᠎ᠠ ᠪᠠᠷᠢᠮᠲᠠ ᠵᠢ ᠴᠤᠭᠯᠠᠭᠤᠯᠤᠨ ᠵᠠᠳᠠᠯᠵᠤ᠂ ᠥᠪᠥᠷ ᠮᠣᠩᠭᠣᠯ᠎ᠤᠨ ᠢᠯᠡ᠎ᠪᠠᠷ ᠬᠤᠳᠠᠯᠳᠤᠨ ᠠᠪᠬᠤ ᠲᠠᠪᠴᠠᠩ 2023 ᠣᠨ᠎ᠳᠤ 5155 ᠲᠥᠷᠥᠯ ᠵᠦᠢ᠍ᠯ᠎ᠢ ᠬᠤᠳᠠᠯᠳᠤᠨ ᠠᠪᠴᠤ᠂ ᠠᠷᠠᠯᠵᠢᠶ᠎ᠠ ᠪᠦᠲᠦᠭᠰᠡᠨ ᠲᠣᠭ᠎ᠠ 169.99 ᠳ᠋ᠦᠩᠰᠢᠭᠤᠷ ᠲᠥᠭᠥᠷᠢᠭ᠎ᠲᠤ ᠬᠦᠷᠴᠦ᠂ ᠪᠡᠯᠡ ᠠᠷᠪᠢᠯᠠᠭᠰᠠᠨ ᠨᠣᠷᠮ᠎ᠠ 8.17%᠎ᠳᠤ ᠬᠥᠷᠪᠡ᠃ 

 





 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ (ᠬᠥᠬᠡᠬᠣᠲᠠ)᠎ᠤᠨ 《ᠬᠣᠶᠠᠷ ᠲᠥᠪ》᠎ᠢ ᠠᠰᠢᠬᠯᠠᠯᠳᠠ᠎ᠳᠤ ᠤᠷᠤᠭᠤᠯᠬᠤ ᠪᠠ 《ᠨᠢᠭᠡ ᠠᠵᠢᠯᠯᠠᠭ᠎ᠠ》 ᠵᠢᠨ ᠡᠬᠢᠯᠡᠯᠲᠡ ᠵᠢᠨ ᠶᠣᠰᠣᠯᠠᠯ ᠬᠥᠬᠡᠬᠣᠲᠠ᠎ᠳᠤ ᠶᠠᠪᠤᠭᠳᠠᠪᠠ
ᠥᠪᠥᠷ ᠮᠣᠩᠭᠣᠯ᠎ᠤᠨ ᠢᠳᠡᠭᠡᠨ ᠤᠮᠳᠠᠭ᠋ᠠᠨ ᠪᠠ ᠵᠣᠴᠢᠳ᠎ᠤᠨ ᠪᠠᠭᠤᠳᠠᠯ᠎ᠤᠨ ᠠᠵᠢᠯ ᠲᠥᠷᠥᠯ᠎ᠤᠨ ᠨᠡᠢ᠌ᠭᠡᠮᠯᠢᠭ᠎ᠤᠨ᠎ᠬᠢᠨ 《ᠲᠥᠪ ᠶᠣᠰᠣ ᠵᠢ ᠰᠠᠬᠢᠵᠤ ᠰᠢᠨ᠎ᠡ ᠵᠢ ᠡᠬᠦᠳᠤᠨ᠂ ᠰᠠᠢ᠌ᠨ ᠰᠠᠢ᠌ᠬᠠᠨ᠎ᠢ ᠬᠤᠪᠢᠶᠠᠯᠴᠠᠬᠤ》 ᠢᠳᠡᠭᠡᠨ ᠤᠮᠳᠠᠭ᠋ᠠᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠤᠷᠠᠯ ᠬᠢᠪᠡ
ᠮᠠᠨ᠎ᠤ ᠤᠷᠤᠨ 《ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠵᠢ ᠴᠢᠩᠭ᠋ᠠᠳᠬᠠᠵᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠲᠠᠰ ᠲᠥᠷᠥᠯ ᠬᠤᠪᠢᠶᠠᠨ ᠰᠠᠢ᠌ᠲᠤᠷ ᠬᠢᠬᠦ ᠲᠤᠬᠠᠢ ᠪᠣᠳᠠᠲᠠᠢ ᠠᠷᠭ᠎ᠠ》 ᠵᠢ ᠨᠡᠢ᠌ᠲᠡᠯᠡᠪᠡ
ᠬᠦᠴᠢᠷᠳᠡᠯᠲᠡᠢ ᠣᠯᠠᠨ ᠲᠦᠮᠡᠨ᠎ᠢ ᠲᠡᠳᠬᠦᠬᠦ ᠨᠠᠢ᠍ᠮᠠᠨ ᠠᠵᠢᠯᠯᠠᠭ᠎ᠠ ᠱᠠᠳᠤᠴᠢ ᠦᠷ᠎ᠡ ᠪᠦᠳᠤᠬᠡᠯ ᠤᠯᠪᠠ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠬᠡᠷᠡᠭᠯᠡᠭᠡ᠎ᠪᠠᠷ ᠲᠡᠳᠬᠦᠬᠦ ᠰᠠᠭᠤᠷᠢᠨ ᠭᠠᠵᠠᠷ᠎ᠤᠨ ᠫᠠᠢ᠌ᠰᠠ ᠡᠯᠭᠦᠬᠦ ᠶᠣᠰᠣᠯᠠᠯ ᠬᠥᠬᠡᠬᠣᠲᠠ᠎ᠳᠤ ᠶᠠᠪᠤᠭᠳᠠᠪᠠ
 
            