ᠥᠪᠥᠷ ᠮᠣᠩᠭᠣᠯ (ᠬᠥᠬᠡᠬᠣᠲᠠ)᠎ᠤᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠷᠢᠮᠵᠢᠶᠠᠵᠢᠭᠰᠠᠨ ᠵᠢᠱ᠌ᠢᠶ᠎ᠡ ᠦᠵᠡᠭᠦᠯᠬᠦ ᠲᠥᠪ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯᠲᠠ᠎ᠳᠤ ᠲᠣᠬᠢᠷᠠᠬᠤ ᠦᠢ᠍ᠯᠡᠳᠬᠦᠨ᠎ᠢ ᠳᠡᠯᠭᠡᠨ ᠦᠵᠡᠭᠦᠯᠬᠦ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ᠎ᠢ ᠠᠰᠢᠬᠯᠠᠯᠳᠠ᠎ᠳᠤ ᠤᠷᠤᠭᠤᠯᠬᠤ ᠪᠠ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠤᠯᠤᠨ ᠨᠠᠰᠤᠵᠢᠯᠲᠠ᠎ᠳᠤ ᠲᠣᠬᠢᠷᠠᠬᠤ ᠦᠢ᠍ᠯᠡᠳᠬᠦᠨ᠎ᠢ ᠨᠡᠢ᠌ᠭᠡᠮ ᠲᠣᠭᠣᠷᠢᠭ᠎ᠲᠤ ᠣᠷᠣᠭᠤᠯᠬᠤ ᠲᠤᠰᠬᠠᠢ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ 1 ᠳ᠋ᠤᠬᠡᠷ ᠰᠠᠷ᠎ᠠ ᠵᠢᠨ 19᠎ᠤ ᠡᠳᠦᠷ ᠬᠥᠬᠡᠬᠣᠲᠠ᠎ᠳᠤ ᠶᠠᠪᠤᠭᠳᠠᠪᠠ᠃ ᠤᠯᠤᠰ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠰᠤᠳᠤᠯᠭ᠋ᠠᠨ᠎ᠤ ᠲᠥᠪ᠎ᠤᠨ ᠳᠡᠳ᠋ ᠡᠷᠬᠢᠯᠡᠭᠴᠢ ᠹᠠᠩ ᠰᠢᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠣᠳᠤᠷᠢᠳᠤᠯᠭ᠎ᠠ᠂ ᠬᠥᠬᠡᠬᠣᠲᠠ ᠵᠢᠨ ᠳᠡᠳ᠋ ᠳᠠᠷᠤᠭ᠎ᠠ ᠮᠠ ᠪᠢᠩ ᠴᠢᠤᠸᠠᠨ ᠨᠠᠷ ᠶᠣᠰᠣᠯᠠᠯ᠎ᠳᠤ ᠣᠷᠣᠯᠴᠠᠪᠠ᠃
ᠲᠢᠡᠭᠭᠢᠮ᠎ᠤᠨ ᠤᠳᠤᠷᠢᠳᠤᠯᠭ᠎ᠠ ᠪᠠᠶᠠᠷ᠎ᠤᠨ ᠦᠭᠡ᠎ᠳᠤ᠎ᠪᠠᠨ᠄ 《ᠤᠷᠴᠢᠮ᠎ᠤᠨ ᠵᠢᠯ ᠪᠦᠬᠦ ᠣᠷᠣᠨ᠎ᠤ ᠨᠠᠰᠤᠵᠢᠯ᠎ᠤᠨ ᠠᠰᠠᠷᠠᠮᠵᠢ᠎ᠪᠠᠷ ᠵᠡᠮᠳᠡᠭᠴᠦᠳ᠎ᠢ ᠲᠤᠰᠠᠯᠠᠬᠤ ᠦᠢ᠍ᠯᠡᠴᠢᠯᠡᠭᠡ ᠲᠦᠷᠭᠡᠨ ᠬᠥᠭᠵᠢᠵᠦ᠂ 〈ᠨᠢᠭᠡ ᠮᠥᠴᠡ》 ᠵᠢᠨ ᠲᠤᠳᠤᠷ᠎ᠠ ᠭᠡᠷ᠎ᠲᠤ᠎ᠨᠢ ᠬᠦᠷᠴᠤ ᠠᠰᠠᠷᠠᠬᠤ ᠨᠡᠢ᠌ᠬᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠭᠤᠷᠢᠭ ᠦᠨᠳᠦᠰᠦᠨ᠎ᠳᠤ᠎ᠪᠠᠨ ᠪᠠᠢ᠌ᠭᠤᠯᠤᠭᠳᠠᠵᠤ᠂ ᠦᠢ᠍ᠯᠡᠴᠢᠯᠡᠭᠡᠨ᠎ᠤ ᠪᠦᠷᠬᠦᠴᠡ ᠵᠢᠨ ᠨᠤᠷᠮ᠎ᠠ 97.6%᠎ᠲᠤ ᠬᠦᠷᠴᠦ᠂ ᠬᠥᠬᠡᠬᠣᠲᠠ ᠵᠢᠨ᠎ᠬᠢᠨ᠎ᠤ ᠬᠡᠷᠡᠭᠵᠢᠬᠦᠯᠦᠭᠰᠡᠨ ᠤᠯᠤᠰ᠎ᠤᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠦᠷᠦᠯ ᠵᠦᠢ᠍ᠯ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠰᠢᠶᠠᠯ᠎ᠢ ᠣᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭ᠋ᠠᠰᠢ ᠪᠥᠬᠥ ᠣᠷᠣᠨ᠎ᠳᠤ ᠤᠨᠴᠨ ᠬᠦᠴᠢᠷᠳᠡᠯᠲᠡᠢ ᠨᠠᠰᠤᠲᠠᠢ᠌ᠴᠤᠳ᠎ᠤᠨ ᠭᠡᠷ ᠪᠦᠯᠢ ᠵᠢᠨ ᠨᠠᠰᠤᠵᠢᠯᠲᠠ ᠵᠢᠨ ᠥᠭᠡᠷᠡᠴᠢᠯᠡᠯᠲᠡ ᠵᠢ ᠨᠡᠶ᠋ᠢᠲᠡ 5.27 ᠲᠦᠮᠡᠨ ᠡᠷᠦᠬᠡ᠎ᠳᠤ ᠪᠡᠶᠡᠯᠡᠭᠦᠯᠵᠦ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢ 1 ᠲᠦᠮᠡ ᠭᠠᠷᠤᠢ ᠪᠠᠢ᠌ᠭᠤᠯᠵᠤ᠂ 《ᠡᠷᠡᠭᠦᠯᠵᠢᠯ᠎ᠳᠤ ᠲᠤᠰᠠᠯᠠᠬᠤ ᠢᠨᠵᠧᠨᠧᠷᠢᠩ》 ᠵᠶ᠋ᠡᠷ 178 ᠮᠡᠰᠡ ᠵᠠᠰᠠᠯ ᠬᠢᠯᠬᠡᠵᠤ᠂ ᠲᠤᠰᠠᠯᠠᠬᠤ ᠪᠠᠭ᠋ᠠᠵᠢ ᠵᠡᠷᠭᠡ ᠵᠢ 9200 ᠰᠢᠬᠠᠮ ᠢᠵᠢ ᠲᠣᠬᠢᠷᠠᠭᠤᠯᠤᠨ᠂ 8800 ᠭᠠᠷᠤᠢ ᠬᠦᠴᠢᠷᠳᠡᠯᠲᠡᠢ ᠵᠡᠮᠳᠡᠭᠴᠦᠳ᠎ᠲᠤ ᠠᠰᠢᠭ ᠬᠦᠷᠲᠡᠭᠡᠪᠡ》 ᠬᠡᠵᠡᠢ᠃
ᠲᠢᠡᠭᠭᠢᠮ᠎ᠤᠨ ᠤᠳᠤᠷᠢᠳᠤᠯᠭ᠎ᠠ᠄ 《〈ᠬᠣᠶᠠᠷ ᠲᠦᠪ〉 ᠵᠢ ᠪᠠᠢ᠌ᠭᠤᠯᠵᠤ᠂ 〈ᠨᠢᠭᠡ ᠠᠵᠢᠯᠯᠠᠭ᠎ᠠ〉 ᠵᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠣᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠤᠬᠰᠠᠨ ᠪᠣᠳᠠᠲᠠᠢ ᠵᠢ ᠡᠷᠬᠢᠮᠯᠡᠭᠰᠡᠨ ᠠᠵᠢᠯᠯᠠᠭ᠎ᠠ ᠲᠡᠳᠤᠢ ᠦᠬᠡᠢ᠂ ᠠᠷᠠᠳ᠎ᠤᠨ ᠶᠠᠪᠤᠳᠠᠯ᠎ᠤᠨ ᠶᠠᠮᠤᠨ᠎ᠤ 《ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠪᠣᠳᠠᠲᠠᠢ ᠠᠷᠭ᠎ᠠ》 ᠵᠢ ᠪᠦᠬᠦ ᠲᠠᠯ᠎ᠠ ᠪᠠᠷ ᠨᠠᠢ᠌ᠳᠠᠪᠤᠷᠢᠵᠢᠭᠤᠯᠬᠤ ᠬᠦᠴᠦᠲᠡᠢ ᠪᠠᠷᠢᠴᠨ ᠮᠥᠨ᠂ ᠥᠪᠡᠷᠲᠡᠭᠡᠨ ᠵᠠᠰᠠᠬᠤ ᠣᠷᠣᠨ᠎ᠤ 《ᠣᠷᠣᠨ᠎ᠤ ᠲᠥᠪ᠎ᠢ ᠬᠦᠴᠦᠷᠬᠡᠭᠵᠢᠭᠦᠯᠬᠦ》 ᠪᠠᠢ᠌ᠯᠳᠤᠬᠤ ᠪᠣᠳᠣᠯᠭ᠎ᠠ ᠵᠢ ᠥᠨᠳᠥᠷ ᠪᠦᠲᠦᠮᠵᠢᠲᠡᠶ ᠠᠬᠢᠭᠤᠯᠵᠤ᠂ ᠲᠢᠩᠬᠢᠮ ᠬᠣᠲᠠ ᠬᠠᠮᠳᠤ᠎ᠪᠠᠷ ᠪᠠᠶ᠋ᠢᠭᠤᠯᠬᠤ ᠠᠵᠢᠯ᠎ᠤᠨ ᠡᠷᠴᠢᠮ᠎ᠢ ᠭᠦᠨᠵᠡᠭᠡᠢ᠌ᠷᠡᠭᠦᠯᠬᠦ ᠰᠢᠨ᠎ᠡ ᠵᠢ ᠡᠭᠦᠳᠬᠦ ᠠᠷᠭ᠎ᠠ ᠪᠦᠬᠡᠳ ᠪᠥᠬᠥ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠦᠢ᠍ᠯᠡᠴᠢᠯᠡᠭᠡ ᠪᠠ ᠨᠠᠰᠤᠵᠢᠯ᠎ᠤᠨ ᠦᠢ᠍ᠯᠡᠴᠢᠯᠡᠭᠡᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ ᠲᠠᠪᠴᠠᠩ᠎ᠤᠨ ᠬᠣᠭᠣᠰᠤᠨ᠎ᠢ ᠨᠥᠬᠥᠪᠦᠷᠢᠯᠡᠵᠦ᠂ ᠨᠠᠰᠤᠵᠢᠯ᠎ᠤᠨ ᠠᠰᠠᠷᠠᠮᠵᠢ ᠵᠢᠨ ᠵᠡᠮᠳᠡᠭᠴᠦᠳ᠎ᠢ ᠲᠤᠰᠠᠯᠠᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠴᠢᠩᠭ᠋ᠠᠳᠬᠠᠬᠤ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠠᠵᠤ ᠦᠢ᠍ᠯᠡᠰ ᠪᠠ ᠪᠤᠭᠤᠷᠤᠯᠴᠤᠳ᠎ᠤᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠪᠣᠳᠠᠲᠤ ᠠᠴᠢ ᠬᠣᠯᠪᠣᠭᠳᠠᠯ ᠪᠠ ᠠᠬᠢᠭᠤᠯᠬᠤ ᠦᠢ᠍ᠯᠡᠳᠦᠯ᠎ᠲᠠᠢ》 ᠬᠡᠵᠡᠢ᠃
ᠲᠢᠡᠭᠭᠢᠮ᠎ᠤᠨ ᠤᠳᠤᠷᠢᠳᠤᠯᠭ᠎ᠠ᠄ 《ᠬᠥᠬᠡᠬᠣᠲᠠ ᠵᠢᠨ᠎ᠬᠢᠨ ᠡᠨᠡ ᠬᠦ᠌ ᠠᠰᠢᠭᠲᠠᠢ ᠠᠵᠠ ᠲᠣᠬᠢᠶᠠᠯ᠎ᠢ ᠠᠮᠵᠢᠵᠤ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠢ᠌ᠭᠡᠮ᠎ᠤᠨ ᠡᠯ᠎ᠡ ᠲᠠᠯ᠎ᠠ ᠵᠢᠨ ᠬᠦᠴᠦᠨ᠎ᠢ ᠪᠦᠲᠦᠮᠵᠢᠲᠡᠶ ᠪᠠᠳᠠᠷᠠᠭᠤᠯᠵᠤ᠂ 〈ᠬᠣᠶᠠᠷ ᠲᠥᠪ〉᠎ᠢ ᠨᠢᠭᠡ ᠴᠣᠭᠴᠠᠵᠢᠭᠤᠯᠤᠨ ᠡᠵᠡᠩᠨᠡᠬᠦ ᠵᠢ ᠥᠨᠳᠥᠷ ᠪᠠᠷᠢᠮᠵᠢᠶ᠎ᠠ᠎ᠪᠠᠷ ᠰᠠᠢ᠌ᠲᠤᠷ ᠬᠢᠵᠦ᠂ ᠣᠲᠣ ᠵᠢᠨ ᠪᠠᠢ᠌ᠭ᠎ᠠ ᠬᠣᠲᠠ ᠬᠥᠳᠡᠭᠡ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠬᠦᠬᠡᠷᠤᠮᠵᠢ ᠵᠢ ᠰᠠᠢ᠌ᠲᠤᠷ ᠬᠡᠷᠡᠭᠯᠡᠵᠦ᠂ ᠲᠦᠷᠢᠶᠡᠰᠦᠯᠡᠬᠦ ᠪᠠ ᠪᠣᠷᠣᠯᠠᠭᠤᠯᠬᠤ ᠵᠢ ᠵᠡᠷᠬᠡ᠎ᠪᠠᠷ ᠴᠢᠬᠤᠯᠠᠴᠢᠯᠠᠬᠤ ᠦᠢ᠍ᠯᠡᠴᠢᠯᠡᠭᠡᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠦᠢ᠍ᠯᠡᠳᠬᠦᠨ᠂ ᠦᠢ᠍ᠯᠡᠴᠢᠯᠡᠭᠡ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠵᠢ ᠠᠬᠢᠭᠤᠯᠵᠤ᠂ ᠭᠡᠷ ᠲᠤᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠢ ᠪᠠᠷᠢᠮᠵᠢᠶᠠᠵᠢᠭᠤᠯᠬᠤ᠂ ᠰᠢᠰᠲ᠋ᠧᠮᠵᠢᠭᠦᠯᠦᠨ ᠡᠵᠡᠩᠨᠡᠬᠦ ᠦᠢ᠍ᠯᠡᠴᠢᠯᠡᠭᠡᠨ᠎ᠤ ᠵᠠᠭᠪᠤᠷ᠎ᠢ ᠪᠣᠶ ᠪᠣᠯᠭ᠋ᠠᠵᠤ᠂ ᠪᠥᠬᠥ ᠣᠷᠣᠨ᠎ᠳᠤ ᠥᠯᠢᠭᠡᠷ ᠳᠠᠭᠤᠷᠢᠶᠠᠯ᠂ ᠵᠢᠱ᠌ᠢᠶ᠎ᠡ ᠦᠵᠡᠭᠦᠯᠦᠨ᠂ ᠪᠥᠬᠥ ᠤᠯᠤᠰ᠎ᠲᠤ ᠨᠡᠷ᠎ᠡ ᠠᠯᠳᠠᠷᠰᠢᠭᠰᠠᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠨ᠎ᠠ᠃ ᠡᠯ᠎ᠡ ᠠᠢ᠌ᠮᠠᠭ ᠬᠣᠲᠠ ᠵᠢᠨ᠎ᠬᠢᠨ ᠬᠥᠬᠡᠬᠣᠲᠠ ᠵᠢᠨ ᠲᠤᠷᠰᠢᠯᠭ᠎ᠠ ᠠᠷᠭ᠎ᠠ ᠵᠢ ᠰᠤᠷᠤᠯᠴᠠᠨ ᠲᠣᠯᠢ ᠪᠣᠯᠭ᠋ᠠᠵᠤ᠂ ᠲᠤᠰ ᠭᠠᠵᠠᠷ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠤᠯᠤᠨ ᠨᠠᠰᠤᠵᠢᠯᠳᠠ᠎ᠳᠤ ᠲᠣᠬᠢᠷᠠᠬᠤ ᠦᠢ᠍ᠯᠡᠳᠬᠦᠨ᠎ᠤ ᠦᠵᠡᠭᠦᠯᠦᠯᠭᠡ ᠵᠢᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠠᠪᠴᠠᠩ᠎ᠢ ᠲᠦᠷᠭᠡᠨ ᠪᠠᠢ᠌ᠭᠤᠯᠵᠤ᠂ ᠲᠤᠰᠬᠠᠢ ᠠᠵᠢᠯᠯᠠᠭ᠎ᠠ ᠵᠢ ᠦᠳᠲᠡᠷ ᠥᠷᠨᠢᠭᠦᠯᠵᠦ᠂ ᠤᠬᠠᠭᠤᠯᠤᠨ ᠳᠡᠯᠭᠡᠷᠡᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠂ ᠪᠣᠳᠠᠲᠠᠢ᠎ᠲᠠᠢ᠎ᠪᠠᠨ ᠤᠶᠠᠯᠳᠤᠭᠤᠯᠤᠨ ᠠᠵᠢᠯ᠎ᠤᠨ ᠰᠢᠨ᠎ᠡ ᠵᠠᠭᠪᠤᠷ᠎ᠢ ᠰᠦᠪᠡᠭᠴᠢᠯᠡᠵᠦ᠂ ᠨᠠᠰᠤᠲᠠᠢ᠌ᠴᠤᠳ᠂ ᠵᠡᠮᠳᠡᠭᠴᠦᠳ᠎ᠲᠤ ᠨᠠᠩ ᠳᠥᠭᠥᠮ ᠳᠥᠲᠡ ᠦᠢ᠍ᠯᠡᠴᠢᠯᠡᠭᠡ ᠵᠢ ᠬᠦᠷᠲᠡᠭᠡᠵᠦ᠂ ᠪᠣᠳᠠᠲᠠᠢ ᠦᠷ᠎ᠡ ᠪᠦᠲᠦᠮᠵᠢ᠎ᠪᠠᠷ ᠵᠶ᠋ᠡᠨ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠠᠵᠤ ᠦᠢ᠍ᠯᠡᠰ ᠪᠠ ᠪᠤᠭᠤᠷᠤᠯᠴᠤᠳ᠎ᠤᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠬᠡᠷᠡᠭᠳᠡᠢ》 ᠬᠡᠯᠡ᠃
ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠬᠡᠷᠡᠭ ᠶᠠᠪᠤᠳᠠᠯ᠎ᠤᠨ ᠵᠤᠷᠭ᠋ᠠᠨ᠎ᠤ ᠬᠠᠮᠢᠶ᠎ᠠ ᠪᠦᠬᠦᠢ ᠨᠥᠬᠥᠳ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠳ ᠠᠵᠢᠯᠯᠠᠭ᠎ᠠ᠎ᠳᠤ ᠤᠷᠤᠯᠴᠠᠪᠠ᠃