ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠤᠷᠤᠨ 《ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠵᠢ ᠴᠢᠩᠭ᠋ᠠᠳᠬᠠᠵᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠲᠠᠰ ᠲᠥᠷᠥᠯ ᠬᠤᠪᠢᠶᠠᠨ ᠰᠠᠢ᠌ᠲᠤᠷ ᠬᠢᠬᠦ ᠲᠤᠬᠠᠢ ᠪᠣᠳᠠᠲᠠᠢ ᠠᠷᠭ᠎ᠠ》 ᠵᠢ ᠨᠡᠢ᠌ᠲᠡᠯᠡᠪᠡ
ᠨᠡᠶᠢᠲᠡᠯᠡᠭᠰᠡᠨ ᠴᠠᠭ᠄ 2024-01-23

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠦᠪᠰᠢᠶᠡᠷᠡᠯ ᠵᠶ᠋ᠡᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ ᠠᠷᠪᠠᠨ ᠰᠠᠯᠠᠭ᠎ᠠ ᠮᠥᠴᠢᠷ᠎ᠤᠨ᠎ᠬᠢᠨ ᠬᠠᠮᠲᠤᠷᠠᠨ 《ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠵᠢ ᠴᠢᠩᠭ᠋ᠠᠳᠬᠠᠵᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠲᠠᠰ ᠲᠥᠷᠥᠯ ᠬᠤᠪᠢᠶᠠᠨ ᠰᠠᠢ᠌ᠲᠤᠷ ᠬᠢᠬᠦ ᠲᠤᠬᠠᠢ ᠪᠣᠳᠠᠲᠠᠢ ᠠᠷᠭ᠎ᠠ》 (《ᠪᠣᠳᠠᠲᠠᠢ ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ ᠣᠷᠣᠯᠭ᠎ᠠ ᠪᠠᠭ᠎ᠠ ᠬᠦᠮᠦᠰ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠬᠦ᠂ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠤᠨ ᠬᠢᠨᠠᠨ ᠬᠡᠮᠵᠢᠯᠲᠡ ᠵᠢ ᠴᠢᠩᠭ᠋ᠠᠳᠬᠠᠬᠤ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠱᠠᠲᠤ ᠬᠤᠪᠢᠶᠠᠨ ᠰᠠᠢ᠌ᠲᠤᠷ ᠬᠢᠬᠦ᠂ ᠪᠠᠲᠤᠯᠠᠭ᠎ᠠ ᠵᠢᠨ ᠠᠷᠭ᠎ᠠ ᠵᠢ ᠨᠠᠢ᠌ᠳᠠᠪᠤᠷᠢᠵᠢᠭᠤᠯᠬᠤ ᠵᠡᠷᠭᠡ 4 ᠲᠠᠯ᠎ᠠ᠎ᠠᠴᠠ 18 ᠵᠦᠢ᠍ᠯ᠎ᠤᠨ ᠪᠣᠳᠠᠲᠠᠢ ᠠᠷᠭ᠎ᠠ ᠵᠢ ᠲᠣᠳᠣᠷᠬᠠᠢ ᠲᠣᠭᠲᠠᠭ᠋ᠠᠵᠠᠢ᠃ ᠮᠠᠨ᠎ᠤ ᠣᠷᠣᠨ᠎ᠤ ᠲᠠᠰ ᠲᠥᠷᠥᠯ ᠬᠤᠪᠢᠶᠠᠭᠰᠠᠨ ᠨᠡᠢ᠌ᠭᠡᠮ᠎ᠤᠨ  ᠲᠤᠰᠠᠯᠠᠮᠵᠢ ᠵᠢᠨ ᠰᠢᠰᠲᠸᠮ᠎ᠤᠨ ᠲᠡᠬᠦᠯᠳᠡᠷᠵᠢᠯᠳᠡ ᠵᠢ ᠠᠬᠢᠭᠤᠯᠵᠤ᠂ ᠣᠷᠣᠯᠭ᠎ᠠ ᠪᠠᠭ᠎ᠠ ᠬᠦᠮᠦᠰ᠎ᠢ ᠲᠤᠰᠠᠯᠠᠵᠤ ᠲᠡᠳᠬᠦᠬᠦ ᠡᠷᠴᠢᠮ᠎ᠢ ᠴᠢᠩᠭ᠋ᠠᠷᠠᠭᠤᠯᠤᠨ᠂ ᠦᠨᠳᠦᠰᠦᠨ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠰᠠᠢ᠌ᠲᠤᠷ ᠪᠠᠲᠤᠯᠠᠬᠤ᠎ᠳᠤ ᠳᠦᠷᠢᠮ᠎ᠤᠨ ᠪᠠᠲᠤᠯᠠᠭ᠎ᠠ ᠬᠠᠩᠭ᠋ᠠᠪᠠ᠃
    《ᠪᠣᠳᠠᠲᠠᠢ ᠠᠷᠭ᠎ᠠ》᠎ᠳᠤ ᠲᠣᠳᠣᠷᠬᠠᠢ ᠲᠣᠭᠲᠠᠭ᠋ᠠᠭᠰᠠᠨ᠎ᠨᠢ᠂ ᠣᠷᠣᠯᠭ᠎ᠠ ᠪᠠᠭ᠎ᠠ ᠬᠦᠮᠦᠰ᠎ᠲᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠬᠥᠮᠥᠰ᠂ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠰᠢᠯᠭ᠋ᠠᠬᠤ ᠡᠲᠡᠭᠡᠳ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠵᠢᠨ ᠪᠦᠷᠢᠯᠳᠦᠭᠦᠨ᠂ ᠵᠠᠷᠤᠯᠭ᠎ᠠ ᠶᠡᠬᠡᠳᠡᠢ ᠬᠦᠴᠢᠷᠳᠡᠯᠲᠡᠢ ᠭᠡᠷ ᠪᠦᠯᠢ ᠵᠢᠨ ᠪᠦᠷᠢᠯᠳᠦᠭᠦᠨ ᠪᠤᠯᠤᠨ ᠪᠤᠰᠤᠳ ᠬᠦᠴᠢᠷᠳᠡᠯᠲᠡᠢ ᠬᠥᠮᠥᠰ ᠪᠠᠭᠲᠠᠨ᠎ᠠ᠃ ᠬᠣᠰᠢᠭᠤ ᠰᠢᠶᠠᠨ (ᠬᠣᠲᠠ᠂ ᠲᠣᠭᠣᠷᠢᠭ)᠎ᠨᠢ ᠣᠷᠣᠯᠭ᠎ᠠ  ᠪᠠᠭ᠎ᠠ ᠬᠦᠮᠦᠰ᠎ᠤᠨ ᠭᠤᠶᠤᠴᠢᠯᠠᠯ᠎ᠢ ᠨᠢᠭᠡ ᠤᠳᠠᠭ᠎ᠠ᠎ᠳᠤ ᠡᠷᠬᠡ ᠣᠯᠭᠣᠬᠤ᠂ ᠨᠢᠭᠡ ᠤᠳᠠᠭ᠎ᠠ᠎ᠳᠤ ᠪᠠᠢ᠌ᠴᠠᠭ᠋ᠠᠨ ᠬᠠᠷᠭᠤᠭᠤᠯᠬᠤ᠂ ᠨᠢᠭᠡ ᠤᠳᠠᠭ᠎ᠠ᠎ᠳᠤ ᠬᠢᠨᠠᠨ ᠬᠠᠷᠭᠤᠭᠤᠯᠵᠤ ᠨᠤᠲᠠᠯᠠᠬᠤ ᠠᠷᠭ᠎ᠠ ᠵᠢ ᠬᠡᠷᠡᠭᠵᠢᠭᠦᠯᠦᠨ᠎ᠡ᠃ ᠣᠷᠣᠯᠭ᠎ᠠ ᠪᠠᠭ᠎ᠠ ᠬᠦᠮᠦᠰ᠎ᠢ ᠢᠯᠭ᠋ᠠᠨ ᠲᠠᠨᠢᠵᠤ ᠮᠠᠭ᠋ᠠᠳᠯᠠᠨ ᠲᠣᠭᠲᠠᠭ᠋ᠠᠬᠤ ᠠᠵᠢᠯ᠎ᠢ ᠵᠣᠯᠭ᠋ᠠᠭᠤᠯᠬᠤ ᠵᠢ ᠴᠢᠩᠭ᠋ᠠᠳᠬᠠᠵᠤ᠂ ᠠᠵᠤ ᠠᠬᠤᠢ ᠵᠢᠨ ᠰᠠᠢ᠌ᠵᠢᠷᠠᠯᠲᠠ᠎ᠠᠴᠠ ᠪᠣᠯᠵᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠠᠴᠠ ᠭᠠᠷᠤᠭᠰᠠᠨ᠂ ᠣᠨᠴᠠ ᠬᠦᠴᠢᠷᠳᠡᠯ᠎ᠲᠠᠢ ᠲᠤᠰᠠᠯᠠᠵᠤ ᠲᠡᠵᠢᠭᠡᠬᠦ ᠡᠲᠡᠭᠡᠳ᠎ᠢ ᠲᠤᠰ ᠬᠥᠮᠥᠨ ᠵᠶ᠋ᠡᠷ᠎ᠨᠢ ᠵᠥᠪᠰᠢᠶᠡᠷᠡᠭᠦᠯᠦᠭᠡᠳ ᠣᠷᠣᠯᠭ᠎ᠠ  ᠪᠠᠭ᠎ᠠ ᠬᠦᠮᠦᠨ᠎ᠤ ᠲᠤᠰᠠᠯᠠᠮᠵᠢ ᠵᠢᠨ ᠬᠡᠪᠴᠢᠶᠡᠨ᠎ᠳᠤ ᠰᠢᠯᠵᠢᠭᠦᠯᠦᠨ ᠮᠠᠭ᠋ᠠᠳᠯᠠᠨ ᠲᠤᠬᠳᠠᠭ᠋ᠠᠯᠭ᠋ᠠᠵᠤ ᠪᠤᠯᠤᠨ᠎ᠠ᠃
    《ᠪᠣᠳᠠᠲᠠᠢ ᠠᠷᠭ᠎ᠠ》᠎ᠳᠤ ᠳᠤᠷᠠᠳᠤᠭᠰᠠᠨ᠎ᠨᠢ᠂ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ᠎ᠤ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠤᠨ ᠬᠢᠨᠠᠨ ᠬᠡᠮᠵᠢᠯᠲᠡ ᠵᠢᠨ ᠮᠡᠳᠡᠭᠡ ᠵᠠᠩᠭᠢ ᠵᠢᠨ ᠲᠠᠪᠴᠠᠩ᠎ᠢ ᠲᠡᠭᠦᠯᠳᠡᠷᠵᠢᠭᠦᠯᠵᠦ᠂ ᠲᠦᠷᠭᠡᠨ ᠰᠡᠷᠡᠮᠵᠢᠯᠡᠭᠦᠯᠬᠦ᠂ ᠨᠠᠷᠢᠯᠢᠭ ᠣᠨᠣᠴᠠᠲᠠᠢ᠎ᠪᠠᠷ ᠲᠤᠰᠠᠯᠠᠬᠤ᠂ ᠶᠡᠷᠦᠩᠬᠡᠢ᠌ᠯᠡᠨ ᠬᠠᠪᠰᠤᠷᠤᠨ ᠲᠡᠳᠬᠦᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃ ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ ᠵᠢ ᠬᠠᠮᠳᠤ᠎ᠪᠠᠷ ᠭᠥᠷᠳᠡᠬᠦ ᠡᠷᠴᠢᠮ᠎ᠢ ᠴᠢᠩᠭ᠋ᠠᠷᠠᠭᠤᠯᠵᠤ᠂ 《ᠨᠢᠭᠡ ᠡᠷᠦᠬᠡ (ᠬᠥᠮᠥᠨ)᠎ᠳᠤ ᠨᠢᠭᠡ ᠵᠦᠢ᠍ᠯ᠎ᠤᠨ  ᠲᠤᠰᠠᠯᠠᠮᠵᠢ ᠵᠢᠨ ᠬᠡᠯᠬᠢᠶ᠎ᠡ》 ᠵᠢ ᠪᠣᠶ ᠪᠣᠯᠭ᠋ᠠᠨ᠎ᠠ᠃ 《ᠥᠪᠥᠷ ᠮᠣᠩᠭᠣᠯ᠎ᠤᠨ  ᠲᠤᠰᠠᠯᠠᠮᠵᠢ ᠵᠢᠨ ᠰᠤᠪᠠᠭ》 ᠵᠶ᠋ᠡᠷ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠬᠤ᠂ ᠪᠠᠢ᠌ᠩᠭᠤᠵᠢᠭᠤᠯᠤᠨ ᠪᠠᠢ᠌ᠴᠠᠭ᠋ᠠᠨ ᠣᠢ᠌ᠯᠠᠭ᠋ᠠᠬᠤ᠂ ᠳᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ ᠬᠦᠮᠦᠰ᠎ᠤᠨ ᠲᠣᠭ᠎ᠠ ᠪᠠᠷᠢᠮᠲᠠ ᠵᠢ  ᠣᠷᠣᠭᠤᠯᠬᠤ ᠵᠡᠷᠭᠡ ᠠᠷᠭ᠎ᠠ᠎ᠪᠠᠷ ᠣᠷᠣᠯᠭ᠎ᠠ  ᠪᠠᠭ᠎ᠠ ᠬᠦᠮᠦᠰ᠎ᠤᠨ ᠲᠣᠭ᠎ᠠ ᠪᠠᠷᠢᠮᠲᠠ ᠵᠢᠨ ᠬᠥᠮᠥᠷᠭᠡ ᠵᠢ ᠲᠡᠭᠦᠯᠳᠡᠷᠵᠢᠭᠦᠯᠦᠨ᠎ᠡ᠃ ᠱᠠᠲᠤ ᠬᠤᠪᠢᠶᠠᠨ ᠰᠡᠷᠡᠮᠵᠢᠯᠡᠭᠦᠯᠬᠦ᠂ ᠲᠦᠷᠦᠯ ᠬᠤᠪᠢᠶᠠᠨ ᠬᠠᠮᠢᠶᠠᠷᠬᠤ᠂ ᠲᠤᠬᠳᠠᠬᠰᠠᠨ ᠬᠤᠭᠤᠴᠠᠭ᠋ᠠᠨ᠎ᠳᠤ ᠬᠢᠨᠠᠨ ᠪᠠᠢ᠌ᠴᠠᠭ᠋ᠠᠬᠤ᠂ ᠲᠦᠷᠦᠯ ᠬᠤᠪᠢᠶᠠᠨ ᠰᠢᠢ᠍ᠳᠪᠦᠷᠢᠯᠡᠬᠦ ᠵᠡᠷᠭᠡ ᠠᠷᠭ᠎ᠠ ᠵᠢ ᠨᠠᠢ᠌ᠳᠠᠪᠤᠷᠢᠵᠢᠭᠤᠯᠵᠤ᠂ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠤᠨ ᠬᠢᠨᠠᠨ ᠬᠡᠮᠵᠢᠯᠲᠡ ᠵᠢ ᠪᠠᠢ᠌ᠩᠭᠤᠵᠢᠭᠤᠯᠤᠨ ᠥᠷᠨᠢᠭᠦᠯᠦᠨ᠎ᠡ᠃
《ᠪᠣᠳᠠᠲᠠᠢ ᠠᠷᠭ᠎ᠠ》᠎ᠳᠤ ᠲᠣᠭᠲᠠᠭ᠋ᠠᠭᠰᠠᠨ᠎ᠨᠢ᠂ ᠡᠯ᠎ᠡ ᠠᠢ᠌ᠮᠠᠭ ᠬᠣᠲᠠ᠎ᠨᠤᠭᠤᠳ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠨᠳᠦᠰᠦᠯᠡᠨ᠂ ᠣᠷᠣᠯᠭ᠎ᠠ ᠪᠠᠭ᠎ᠠ ᠬᠦᠮᠦᠰ᠎ᠤᠨ ᠬᠦᠴᠢᠷᠳᠡᠯ᠎ᠤᠨ ᠬᠡᠮᠵᠢᠶ᠎ᠡ ᠪᠠ ᠬᠦᠴᠢᠷᠳᠡᠯ᠎ᠤᠨ ᠲᠥᠷᠥᠯ ᠬᠡᠯᠪᠡᠷᠢ ᠶᠣᠰᠣᠭ᠋ᠠᠷ ᠦᠨᠳᠦᠰᠦᠨ ᠠᠮᠢᠳᠤᠷᠠᠯ᠎ᠤᠨ ᠲᠤᠰᠠᠯᠠᠮᠵᠢ᠂ ᠨᠡᠢ᠌ᠭᠡᠮ᠎ᠤᠨ ᠲᠤᠰᠬᠠᠢ ᠲᠤᠰᠠᠯᠠᠮᠵᠢ᠂ ᠪᠠᠴᠢᠮ ᠬᠦᠴᠢᠷᠲᠡᠢ ᠬᠦᠮᠦᠰ᠎ᠤᠨ ᠲᠤᠬᠠᠢ ᠨᠡᠢ᠌ᠭᠡᠮ᠎ᠤᠨ ᠲᠤᠰᠠᠯᠠᠮᠵᠢ ᠵᠡᠷᠭᠡ ᠵᠢ ᠱᠠᠲᠤ ᠬᠤᠪᠢᠶᠠᠨ ᠲᠥᠷᠥᠯ ᠬᠤᠪᠢᠶᠠᠨ ᠰᠠᠢ᠌ᠲᠤᠷ ᠨᠠᠢ᠌ᠳᠠᠪᠤᠷᠢᠵᠢᠭᠤᠯᠤᠨ᠎ᠠ᠃ ᠡᠭᠦᠨ᠎ᠤ ᠬᠠᠮᠲᠤ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ  ᠲᠤᠰᠠᠯᠠᠮᠵᠢ ᠵᠢ ᠢᠳᠡᠪᠬᠢᠲᠡᠢ ᠬᠥᠭᠵᠢᠭᠦᠯᠵᠦ᠂ ᠪᠤᠰᠤᠳ ᠲᠤᠰᠠᠯᠠᠵᠤ ᠲᠡᠳᠬᠦᠬᠦ ᠠᠵᠢᠯ᠎ᠢ ᠰᠠᠢ᠌ᠲᠤᠷ ᠬᠢᠵᠦ᠂ ᠨᠢᠭᠦᠯᠡᠰᠦᠩᠭᠦᠢ ᠵᠢ᠊ ᠲᠡᠳᠬᠦᠮᠵᠢ ᠵᠢᠨ ᠠᠵᠢᠯ ᠥᠷᠨᠢᠭᠦᠯᠬᠦ ᠵᠢ ᠵᠣᠷᠢᠭᠵᠢᠭᠤᠯᠤᠨ᠂ ᠳᠠᠬᠢᠨ ᠶᠠᠳᠠᠭᠤᠷᠠᠬᠤ᠎ᠠᠴᠠ ᠰᠡᠷᠭᠡᠢ᠌ᠯᠡᠬᠦ ᠵᠢ ᠬᠢᠨᠠᠨ ᠬᠡᠮᠵᠢᠵᠦ ᠲᠡᠳᠬᠦᠬᠦ ᠪᠠ ᠨᠡᠢ᠌ᠭᠡᠮ᠎ᠤᠨ ᠲᠤᠰᠠᠯᠠᠮᠵᠢ ᠵᠢ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠬᠤ ᠪᠤᠯᠤᠨ᠎ᠠ᠃
   《ᠪᠣᠳᠠᠲᠠᠢ ᠠᠷᠭ᠎ᠠ》᠎ᠳᠤ ᠱᠠᠭ᠋ᠠᠷᠳᠠᠭᠰᠠᠨ᠎ᠨᠢ᠂ ᠨᠡᠢ᠌ᠭᠡᠮ᠎ᠤᠨ ᠲᠤᠰᠠᠯᠠᠮᠵᠢ ᠵᠢᠨ ᠰᠠᠯᠠᠭ᠎ᠠ ᠮᠥᠴᠢᠷ᠎ᠤᠨ ᠬᠠᠮᠲᠤᠷᠠᠭᠰᠠᠨ ᠬᠤᠷᠠᠯ᠎ᠤᠨ ᠲᠣᠭᠲᠠᠴᠠ᠂ ᠢᠯᠠᠩᠭᠤᠶ᠎ᠠ ᠬᠣᠰᠢᠭᠤ ᠰᠢᠶᠠᠨ᠎ᠤ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠤᠨ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠂ ᠠᠵᠢᠯ᠎ᠤᠨ ᠬᠠᠮ ᠬᠦᠴᠦᠨ᠎ᠢ ᠴᠢᠩᠭ᠋ᠠᠷᠠᠭᠤᠯᠬᠤ ᠬᠡᠷᠡᠭᠲᠡᠢ᠃ ᠭᠠᠴᠠᠭ᠎ᠠ ᠲᠣᠰᠬᠣᠨ᠂ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ  ᠲᠤᠰᠠᠯᠠᠮᠵᠢ ᠵᠢᠨ ᠲᠤᠰᠠᠯᠠᠭᠴᠢ ᠵᠢᠨ ᠳᠦᠷᠢᠮ᠎ᠢ ᠲᠡᠬᠦᠯᠳᠡᠷᠵᠢᠬᠦᠯᠤᠨ᠂ 《ᠨᠠᠮ᠎ᠤᠨ ᠪᠠᠢ᠌ᠭᠤᠯᠤᠯᠲᠠ + ᠨᠡᠢ᠌ᠭᠡᠮ᠎ᠤᠨ  ᠲᠤᠰᠠᠯᠠᠮᠵᠢ》 ᠵᠢ ᠪᠥᠬᠥ ᠲᠠᠯ᠎ᠠ᠎ᠪᠠᠷ ᠠᠬᠢᠭᠤᠯᠤᠨ᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ 《ᠬᠣᠶᠠᠷ ᠵᠥᠪᠯᠡᠯ》᠎ᠤᠨ ᠨᠠᠮ᠎ᠤᠨ ᠭᠡᠰᠢᠭᠦᠨ ᠺᠠᠳ᠋ᠷᠴᠤᠳ᠎ᠤᠨ ᠬᠦᠴᠢᠷᠳᠡᠯᠲᠡᠢ ᠣᠯᠠᠨ ᠲᠦᠮᠡᠨ᠎ᠲᠠᠢ ᠬᠠᠷᠢᠯᠴᠠᠵᠤ ᠰᠤᠷᠪᠤᠯᠵᠢᠯᠠᠬᠤ ᠵᠢ ᠪᠠᠢ᠌ᠩᠭᠤᠵᠢᠭᠤᠯᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠨᠡᠢ᠌ᠭᠡᠮ᠎ᠤᠨ ᠲᠤᠰᠠᠯᠠᠮᠵᠢ ᠵᠢᠨ ᠲᠣᠭ᠋ᠠᠵᠢᠭᠤᠯᠬᠤ ᠥᠭᠡᠷᠡᠴᠢᠯᠡᠯᠲᠡ ᠵᠢ  ᠲᠦᠷᠬᠡᠨ ᠠᠬᠢᠭᠤᠯᠵᠤ᠂ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ 《ᠴᠢᠳᠠᠪᠤᠷᠢ ᠵᠢ ᠳᠡᠭᠡᠭᠰᠢᠯᠡᠭᠦᠯᠦᠨ ᠰᠢᠯᠢᠳᠡᠭ ᠎ᠢ ᠡᠷᠡᠮᠴᠡᠨ᠂ ᠪᠣᠳᠠᠲᠠᠢ᠎ᠪᠠᠷ ᠠᠵᠢᠯᠯᠠᠵᠤ ᠠᠷᠠᠳ᠎ᠲᠤ ᠠᠰᠢᠭ ᠬᠦᠷᠲᠡᠭᠡᠬᠦ》 ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠦᠨ᠎ᠡ᠃

 

 

 

 

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠴᠢᠷᠳᠡᠯᠲᠡᠢ ᠣᠯᠠᠨ ᠲᠦᠮᠡᠨ᠎ᠢ ᠲᠡᠳᠬᠦᠬᠦ ᠨᠠᠢ᠍ᠮᠠᠨ ᠠᠵᠢᠯᠯᠠᠭ᠎ᠠ ᠱᠠᠳᠤᠴᠢ ᠦᠷ᠎ᠡ ᠪᠦᠳᠤᠬᠡᠯ ᠤᠯᠪᠠ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠬᠡᠷᠡᠭᠯᠡᠭᠡ᠎ᠪᠠᠷ ᠲᠡᠳᠬᠦᠬᠦ ᠰᠠᠭᠤᠷᠢᠨ ᠭᠠᠵᠠᠷ᠎ᠤᠨ ᠫᠠᠢ᠌ᠰᠠ ᠡᠯᠭᠦᠬᠦ ᠶᠣᠰᠣᠯᠠᠯ ᠬᠥᠬᠡᠬᠣᠲᠠ᠎ᠳᠤ ᠶᠠᠪᠤᠭᠳᠠᠪᠠ
ᠬᠠᠢ᠌ᠷ᠎ᠠ ᠵᠢᠨ ᠪᠤᠤᠬᠢᠶ᠎ᠠ ᠲᠠᠮᠵᠢᠭᠤᠯᠵᠤ ᠯᠨ ᠰᠠᠷ᠎ᠠ ᠵᠢᠨ ᠨᠠᠢ᠍ᠮᠠᠨ᠎ᠢ ᠬᠠᠮᠳᠤ᠎ᠪᠠᠷ ᠦᠡᠭᠭᠡᠷᠡᠬᠦᠯᠪᠡ — 《ᠶᠡᠬᠡ ᠬᠠᠢ᠌ᠷ᠎ᠠ ᠵᠢᠨ ᠤᠮᠠᠷᠠᠳᠤ ᠬᠢᠯᠢ᠂ ᠪᠤᠶᠠᠨᠰᠠᠭ ᠦᠢ᠍ᠯᠡᠰ᠎ᠤᠨ ᠠᠶᠠᠨ》 ᠬᠡᠮᠡᠬᠦ ᠬᠠᠯᠠᠭᠤᠨ ᠲᠤᠯᠠᠭ᠋ᠠᠨ ᠡᠪᠤᠯᠵᠢᠬᠦᠯᠬᠦ ᠠᠵᠢᠯᠯᠠᠭ᠎ᠠ ᠵᠢᠨ ᠰᠢᠷᠢᠰ ᠮᠡᠳᠡᠬᠡᠯᠡᠯ (ᠨᠢᠬᠡ)
ᠪᠠᠶᠠᠷ᠎ᠤᠨ ᠮᠡᠳᠡᠭᠡ! 2023 ᠣᠨ᠎ᠤ ᠳᠤᠮᠳᠠᠳᠤ ᠤᠯᠤᠰ᠎ᠤᠨ ᠨᠡᠢ᠌ᠭᠡᠮ᠎ᠤᠨ ᠪᠠᠲᠤᠯᠠᠭ᠎ᠠ ᠵᠢᠨ ᠠᠵᠢᠯᠲᠠᠨ᠂ ᠬᠠᠮᠤᠭ᠎ᠤᠨ ᠰᠤᠳᠤᠨ ᠨᠡᠢ᠌ᠭᠡᠮ᠎ᠤᠨ ᠠᠵᠢᠯᠲᠠᠨ᠂ ᠬᠠᠮᠤᠭ᠎ᠤᠨ ᠰᠤᠳᠤᠨ ᠡᠮᠨᠡᠯᠭᠡ ᠵᠢᠨ ᠶᠠᠪᠤᠳᠠᠯ᠎ᠤᠨ ᠨᠡᠢ᠌ᠭᠡᠮ᠎ᠤᠨ ᠠᠵᠢᠯᠲᠠᠨ᠎ᠤ ᠨᠡᠷᠡᠰ᠎ᠢ ᠨᠡᠢ᠌ᠳᠡᠯᠡᠭᠰᠡᠨ᠎ᠤ ᠲᠤᠳᠤᠷ᠎ᠠ ᠮᠠᠨ᠎ᠤ ᠣᠷᠣᠨ᠎ᠤ 10 ᠬᠥᠮᠥᠨ ᠪᠠ 1 ᠲᠥᠷᠥᠯ ᠵᠦᠢ᠍ᠯ ᠵᠢᠬᠰᠠᠭ᠋ᠠᠬᠳᠠᠪᠠ
ᠵᠠᠮ᠎ᠤᠨ ᠴᠠᠰᠤ ᠵᠢ ᠬᠠᠷᠤᠵᠤ ᠤᠯᠠᠨ ᠲᠦᠮᠡᠨ᠎ᠳᠤ ᠲᠦᠭᠦᠮ ᠦᠵᠡᠬᠦᠯᠪᠡ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠰᠠᠢ᠌ᠨ᠎ᠤ ᠦᠢ᠍ᠯᠨ ᠲᠡᠢ᠌ᠰᠢ》 — ᠲᠤᠯᠠᠭ᠋ᠠᠨ ᠡᠪᠤᠯᠵᠢᠬᠦᠯᠬᠦ ᠠᠵᠢᠯᠯᠠᠭ᠎ᠠ ᠵᠢᠨ ᠰᠢᠷᠢᠰ ᠮᠡᠳᠡᠭᠡᠯᠡᠯ (ᠬᠣᠶᠠᠷ)
 
            