ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠴᠢᠷᠳᠡᠯᠲᠡᠢ ᠣᠯᠠᠨ ᠲᠦᠮᠡᠨ᠎ᠢ ᠲᠡᠳᠬᠦᠬᠦ ᠨᠠᠢ᠍ᠮᠠᠨ ᠠᠵᠢᠯᠯᠠᠭ᠎ᠠ ᠱᠠᠳᠤᠴᠢ ᠦᠷ᠎ᠡ ᠪᠦᠳᠤᠬᠡᠯ ᠤᠯᠪᠠ
ᠨᠡᠶᠢᠲᠡᠯᠡᠭᠰᠡᠨ ᠴᠠᠭ᠄ 2024-01-31

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠵᠣᠪᠠᠨᠢᠯ᠎ᠢ ᠰᠢᠢ᠍ᠳᠪᠦᠷᠢᠯᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠬᠦᠴᠢᠷᠳᠡᠯᠲᠡᠢ ᠣᠯᠠᠨ ᠲᠦᠮᠡᠨ᠎ᠢ ᠬᠠᠯᠠᠮᠵᠢᠯᠠᠨ ᠲᠡᠳᠬᠦᠬᠦ ᠨᠠᠢ᠍ᠮᠠᠨ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ ᠪᠥᠬᠥ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠢ ᠪᠠᠲᠤ ᠡᠵᠡᠮᠳᠡᠨ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠰᠠᠢ᠌ᠲᠤᠷ ᠬᠢᠬᠦ ᠵᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠵᠢᠯ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠬᠦᠴᠢᠷᠳᠡᠯᠲᠡᠢ ᠣᠯᠠᠨ ᠲᠦᠮᠡᠨ ᠵᠡᠷᠭᠡ ᠣᠨᠴᠠᠭ᠋ᠠᠶ ᠬᠦᠴᠢᠷᠳᠡᠯᠲᠡᠢ ᠬᠦᠮᠦᠰ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠢ ᠴᠢᠷᠮᠠᠢ᠌ᠨ ᠰᠠᠢ᠌ᠲᠤᠷ ᠬᠢᠵᠦ᠂ ᠬᠦᠴᠢᠷᠳᠡᠯᠲᠡᠢ ᠣᠯᠠᠨ ᠲᠦᠮᠡᠨ᠎ᠤ ᠠᠮᠤᠷ ᠲᠦᠪᠰᠢᠨ ᠵᠶ᠋ᠡᠷ ᠡᠪᠦᠯᠵᠢᠬᠦ᠂ ᠪᠠᠶᠠᠷ᠎ᠤᠨ ᠡᠳᠦᠷ ᠵᠶ᠋ᠡᠨ ᠬᠠᠯᠠᠭᠤᠨ ᠲᠤᠯᠠᠭ᠋ᠠᠨ ᠥᠩᠭᠡᠷᠡᠭᠦᠯᠬᠦ ᠵᠢ ᠪᠠᠳᠤᠯᠠᠵᠤ ᠪᠠᠢ᠌ᠨ᠎ᠠ᠃
   ᠨᠢᠭᠡ᠎ᠳᠤ᠂ 《ᠬᠦᠴᠢᠷᠳᠡᠯᠲᠡᠢ ᠣᠯᠠᠨ ᠲᠦᠮᠡᠨ᠎ᠤ ᠠᠷᠠᠳ᠎ᠲᠤ ᠠᠰᠢᠭ ᠬᠦᠷᠲᠡᠭᠡᠬᠦ ᠪᠠᠲᠤᠯᠠᠭ᠎ᠠ》 ᠵᠢᠨ ᠠᠵᠢᠯᠯᠠᠭ᠎ᠠ ᠵᠢ ᠥᠷᠨᠢᠭᠦᠯᠪᠡ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠶᠠᠳᠠᠭᠤ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ2024 ᠣᠨ᠎ᠤ 56.82 ᠲᠦᠮᠡᠨ ᠲᠥᠭᠥᠷᠢᠭ ᠨᠥᠬᠥᠪᠦᠷᠢ ᠵᠢ ᠤᠷᠢᠳᠴᠢᠯᠠᠨ ᠪᠠᠭᠤᠯᠭ᠋ᠠᠵᠤ᠂ ᠡᠯ᠎ᠡ ᠭᠠᠵᠠᠷ᠎ᠤᠨ ᠶᠠᠳᠠᠭᠤ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠵᠤ ᠲᠡᠳᠬᠦᠬᠦ ᠪᠠ ᠠᠷᠠᠳ᠎ᠤᠨ ᠠᠮᠢᠳᠤᠷᠠᠯ᠎ᠤᠨ ᠦᠨᠳᠤᠰᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠵᠢ ᠳᠡᠮᠵᠢᠪᠡ᠃ ᠬᠣᠰᠢᠭᠤ ᠰᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠵᠢ᠎ᠬᠢᠨ 2023 ᠣᠨ᠎ᠤ 12 ᠳ᠋ᠤᠭ᠋ᠠᠷ ᠰᠠᠷ᠎ᠠ᠂ 2024 ᠣᠨ᠎ᠤ 1 ᠳ᠋ᠤᠬᠡᠷ ᠰᠠᠷ᠎ᠠ᠎ᠳᠤ ᠬᠦᠴᠢᠷᠳᠡᠯᠲᠡᠢ ᠣᠯᠠᠨ ᠲᠦᠮᠡᠨ᠎ᠢ  ᠲᠤᠰᠠᠯᠠᠬᠤ ᠨᠥᠬᠥᠪᠦᠷᠢ ᠵᠢ ᠴᠠᠭ ᠲᠤᠬᠠᠢ᠎ᠳᠤ᠎ᠨᠢ ᠲᠣᠭ᠎ᠠ ᠶᠤᠰᠤᠭ᠋ᠠᠷ᠎ᠨᠢ ᠣᠯᠭᠣᠵᠤ᠂ ᠨᠠᠮ ᠵᠠᠰᠠᠭ᠎ᠤᠨ ᠬᠠᠢ᠌ᠷ᠎ᠠ ᠬᠠᠯᠠᠮᠵᠢ ᠵᠢ ᠬᠦᠴᠢᠷᠳᠡᠯᠲᠡᠢ ᠣᠯᠠᠨ ᠲᠦᠮᠡᠨ᠎ᠳᠤ ᠬᠦᠷᠬᠡᠪᠡ᠃
    ᠬᠣᠶᠠᠷ᠎ᠲᠤ᠂ 《ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠵᠦ᠂ ᠲᠡᠷᠬᠡᠳᠡᠬᠢ᠎ᠨᠢ ᠲᠤᠰᠠᠯᠠᠬᠤ》 ᠠᠵᠢᠯᠯᠠᠭ᠎ᠠ ᠵᠢ  ᠦᠷᠨᠢᠬᠦᠯᠪᠡ᠃ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠲᠣᠮᠣ ᠳ᠋ᠠᠢ᠌ᠲ᠋ᠠ + ᠭᠠᠡᠭ ᠲᠦᠷᠤᠬᠡ》 ᠎ᠪᠠᠷ ᠳᠠᠮᠵᠢᠭᠤᠯᠤᠨ 9.1 ᠲᠦᠮᠡᠨ ᠬᠦᠴᠢᠷᠳᠡᠯᠲᠡᠢ ᠣᠯᠠᠨ ᠲᠦᠮᠡᠨ᠎ᠢ ᠪᠠᠢ᠌ᠴᠠᠭ᠋ᠠᠨ  ᠭᠠᠷᠭ᠋ᠠᠬᠰᠠᠨ᠎ᠤ ᠲᠤᠳᠤᠷ᠎ᠠ 1.1 ᠲᠦᠮᠡᠨ ᠬᠥᠮᠥᠨ᠎ᠢ ᠨᠠᠭ᠋ᠠᠲᠤ ᠵᠠᠬ᠎ᠠ ᠵᠢᠨ ᠪᠠᠲᠤᠯᠠᠭ᠎ᠠ᠎ᠳᠤ ᠣᠷᠣᠭᠤᠯᠵᠤ᠂ 0.08 ᠲᠦᠮᠡᠨ ᠬᠥᠮᠥᠨ᠎ᠢ ᠣᠨᠴᠠ ᠬᠦᠴᠢᠷᠳᠡᠯᠲᠡᠢ ᠬᠦᠮᠦᠰ᠎ᠤᠨ ᠲᠤᠰᠠᠯᠠᠮᠵᠢ ᠵᠢᠨ ᠬᠡᠪᠴᠢᠶᠡᠨ᠎ᠳᠤ ᠣᠷᠣᠭᠤᠯᠵᠤ᠂ 6416.9 ᠲᠦᠮᠡᠨ ᠲᠥᠭᠥᠷᠢᠭ ᠵᠠᠷᠤᠴᠠᠭᠤᠯᠪᠠ᠃
   ᠭᠤᠷᠪᠠ᠎ᠳᠤ᠂ 《ᠪᠠᠴᠢᠮ ᠬᠦᠴᠢᠷᠳᠡᠯ᠎ᠲᠠᠢ ᠬᠦᠮᠦᠰ᠎ᠢ ᠲᠤᠰᠠᠯᠠᠵᠤ ᠬᠦᠴᠢᠷᠳᠡᠯ᠎ᠢ᠎ᠨᠢ ᠰᠢᠢ᠍ᠳᠪᠦᠷᠢᠯᠡᠬᠦ》 ᠠᠵᠢᠯᠯᠠᠭ᠎ᠠ ᠵᠢ ᠥᠷᠨᠢᠭᠦᠯᠪᠡ᠃ ᠬᠦᠴᠢᠷᠳᠡᠯᠲᠡᠢ ᠣᠯᠠᠨ ᠲᠦᠮᠡᠨ᠎ᠢ ᠲᠦᠷ ᠴᠠᠭ ᠴᠠᠭ᠎ᠤᠨ ᠲᠣᠰᠠᠯᠠᠮᠵᠢ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠪᠠᠴᠢᠮ ᠪᠠᠢ᠌ᠳᠠᠯ ᠪᠠ ᠬᠦᠴᠢᠷᠲᠡᠢ ᠪᠠᠢ᠌ᠳᠠᠯ ᠡᠬᠦᠰᠦᠭᠰᠡᠨ ᠭᠠᠵᠠᠷ ᠣᠷᠣᠨ᠎ᠳᠤ 570 ᠤᠳᠠᠭ᠎ᠠ ᠲᠦᠷ ᠴᠠᠭ᠎ᠤᠨ ᠲᠤᠰᠠᠯᠠᠮᠵᠢ ᠦᠵᠡᠬᠦᠯᠤᠨ᠂ 93.1 ᠲᠦᠮᠡᠨ ᠲᠥᠭᠥᠷᠢᠭ᠎ᠤᠨ ᠪᠡᠯᠡ ᠮᠥᠩᠭᠥ ᠵᠠᠷᠤᠴᠠᠭᠤᠯᠪᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠢ ᠢᠳᠡᠪᠬᠢᠲᠡᠢ᠎ᠪᠠᠷ ᠵᠣᠬᠢᠴᠠᠭᠤᠯᠵᠤ ᠪᠠᠢ᠌ᠭ᠋ᠠᠳ ᠲᠤᠯᠠᠭ᠋ᠠᠯᠭ᠎ᠠ ᠵᠢᠨ ᠰᠦᠢ᠍ᠳᠬᠡᠯ᠎ᠢ ᠬᠡᠯᠳᠤᠷᠢᠬᠦᠯᠤᠨ᠂ ᠳᠤᠯᠠᠭ᠋ᠠᠯᠠᠭ᠎ᠠ ᠵᠢᠨ ᠨᠥᠬᠥᠪᠦᠷᠢ᠂ ᠨᠡᠭᠦᠷᠡᠰᠦ ᠪᠠ ᠳᠤᠯᠠᠭ᠋ᠠᠯᠠᠭ᠎ᠠ ᠵᠢᠨ ᠪᠣᠳᠠᠰ᠎ᠢ ᠲᠠᠷᠬᠠᠭ᠋ᠠᠵᠤ᠂ 8.03 ᠲᠦᠮᠡᠨ ᠬᠦᠴᠢᠷᠳᠡᠯᠲᠡᠢ ᠤᠯᠠᠨ ᠲᠦᠮᠡᠨ᠎ᠳᠤ  ᠠᠰᠢᠭ ᠬᠦᠷᠳᠡᠬᠡᠬᠦ᠎ᠳᠤ᠎ᠪᠠᠨ 4127.56 ᠲᠦᠮᠡᠨ ᠲᠥᠭᠥᠷᠢᠭ ᠵᠠᠷᠤᠴᠠᠭᠤᠯᠵᠠᠢ᠃
    ᠳᠥᠷᠪᠡ᠎ᠳᠤ᠂ ᠲᠤᠬᠤᠨᠢᠭᠤᠯᠬᠤ ᠠᠵᠢᠯᠯᠠᠭ᠎ᠠ ᠵᠢ ᠥᠷᠨᠢᠭᠦᠯᠪᠡ᠃ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ ᠬᠦᠴᠢᠷᠳᠡᠯᠲᠡᠢ ᠬᠦᠮᠦᠰ᠎ᠢ ᠲᠣᠬᠣᠨᠢᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠬᠢᠵᠦ᠂ ᠣᠳᠣᠬᠠᠨ᠎ᠳᠤ ᠨᠢᠭᠡᠨᠲᠡ 0.6 ᠲᠦᠮᠡᠨ ᠬᠦᠴᠢᠷᠳᠡᠯᠲᠡᠢ ᠬᠦᠮᠦᠰ᠎ᠢ ᠲᠣᠬᠣᠨᠢᠭᠤᠯᠵᠤ᠂ 81.8 ᠲᠦᠮᠡᠨ ᠲᠥᠭᠥᠷᠢᠭ᠎ᠤᠨ ᠪᠡᠯᠡ ᠮᠥᠩᠭᠥ ᠵᠠᠷᠤᠴᠠᠭᠤᠯᠪᠠ᠃ 





    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠬᠡᠷᠡᠭᠯᠡᠭᠡ᠎ᠪᠠᠷ ᠲᠡᠳᠬᠦᠬᠦ ᠰᠠᠭᠤᠷᠢᠨ ᠭᠠᠵᠠᠷ᠎ᠤᠨ ᠫᠠᠢ᠌ᠰᠠ ᠡᠯᠭᠦᠬᠦ ᠶᠣᠰᠣᠯᠠᠯ ᠬᠥᠬᠡᠬᠣᠲᠠ᠎ᠳᠤ ᠶᠠᠪᠤᠭᠳᠠᠪᠠ
ᠬᠠᠢ᠌ᠷ᠎ᠠ ᠵᠢᠨ ᠪᠤᠤᠬᠢᠶ᠎ᠠ ᠲᠠᠮᠵᠢᠭᠤᠯᠵᠤ ᠯᠨ ᠰᠠᠷ᠎ᠠ ᠵᠢᠨ ᠨᠠᠢ᠍ᠮᠠᠨ᠎ᠢ ᠬᠠᠮᠳᠤ᠎ᠪᠠᠷ ᠦᠡᠭᠭᠡᠷᠡᠬᠦᠯᠪᠡ — 《ᠶᠡᠬᠡ ᠬᠠᠢ᠌ᠷ᠎ᠠ ᠵᠢᠨ ᠤᠮᠠᠷᠠᠳᠤ ᠬᠢᠯᠢ᠂ ᠪᠤᠶᠠᠨᠰᠠᠭ ᠦᠢ᠍ᠯᠡᠰ᠎ᠤᠨ ᠠᠶᠠᠨ》 ᠬᠡᠮᠡᠬᠦ ᠬᠠᠯᠠᠭᠤᠨ ᠲᠤᠯᠠᠭ᠋ᠠᠨ ᠡᠪᠤᠯᠵᠢᠬᠦᠯᠬᠦ ᠠᠵᠢᠯᠯᠠᠭ᠎ᠠ ᠵᠢᠨ ᠰᠢᠷᠢᠰ ᠮᠡᠳᠡᠬᠡᠯᠡᠯ (ᠨᠢᠬᠡ)
ᠪᠠᠶᠠᠷ᠎ᠤᠨ ᠮᠡᠳᠡᠭᠡ! 2023 ᠣᠨ᠎ᠤ ᠳᠤᠮᠳᠠᠳᠤ ᠤᠯᠤᠰ᠎ᠤᠨ ᠨᠡᠢ᠌ᠭᠡᠮ᠎ᠤᠨ ᠪᠠᠲᠤᠯᠠᠭ᠎ᠠ ᠵᠢᠨ ᠠᠵᠢᠯᠲᠠᠨ᠂ ᠬᠠᠮᠤᠭ᠎ᠤᠨ ᠰᠤᠳᠤᠨ ᠨᠡᠢ᠌ᠭᠡᠮ᠎ᠤᠨ ᠠᠵᠢᠯᠲᠠᠨ᠂ ᠬᠠᠮᠤᠭ᠎ᠤᠨ ᠰᠤᠳᠤᠨ ᠡᠮᠨᠡᠯᠭᠡ ᠵᠢᠨ ᠶᠠᠪᠤᠳᠠᠯ᠎ᠤᠨ ᠨᠡᠢ᠌ᠭᠡᠮ᠎ᠤᠨ ᠠᠵᠢᠯᠲᠠᠨ᠎ᠤ ᠨᠡᠷᠡᠰ᠎ᠢ ᠨᠡᠢ᠌ᠳᠡᠯᠡᠭᠰᠡᠨ᠎ᠤ ᠲᠤᠳᠤᠷ᠎ᠠ ᠮᠠᠨ᠎ᠤ ᠣᠷᠣᠨ᠎ᠤ 10 ᠬᠥᠮᠥᠨ ᠪᠠ 1 ᠲᠥᠷᠥᠯ ᠵᠦᠢ᠍ᠯ ᠵᠢᠬᠰᠠᠭ᠋ᠠᠬᠳᠠᠪᠠ
ᠵᠠᠮ᠎ᠤᠨ ᠴᠠᠰᠤ ᠵᠢ ᠬᠠᠷᠤᠵᠤ ᠤᠯᠠᠨ ᠲᠦᠮᠡᠨ᠎ᠳᠤ ᠲᠦᠭᠦᠮ ᠦᠵᠡᠬᠦᠯᠪᠡ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠰᠠᠢ᠌ᠨ᠎ᠤ ᠦᠢ᠍ᠯᠨ ᠲᠡᠢ᠌ᠰᠢ》 — ᠲᠤᠯᠠᠭ᠋ᠠᠨ ᠡᠪᠤᠯᠵᠢᠬᠦᠯᠬᠦ ᠠᠵᠢᠯᠯᠠᠭ᠎ᠠ ᠵᠢᠨ ᠰᠢᠷᠢᠰ ᠮᠡᠳᠡᠭᠡᠯᠡᠯ (ᠬᠣᠶᠠᠷ)
ᠬᠡᠦᠬᠡᠳ᠎ᠢ ᠬᠠᠯᠠᠮᠵᠢᠯᠠᠨ ᠬᠠᠯᠠᠭᠤᠨ ᠲᠤᠯᠠᠭ᠋ᠠᠨ᠎ᠢ ᠬᠦᠷᠬᠡᠵᠤ ᠪᠠᠢ᠌ᠨ᠎ᠠ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠰᠠᠢ᠌ᠨ᠎ᠤ ᠦᠢ᠍ᠯᠨ ᠲᠡᠢ᠌ᠰᠢ》 — ᠲᠤᠯᠠᠭ᠋ᠠᠨ ᠡᠪᠤᠯᠵᠢᠬᠦᠯᠬᠦ ᠠᠵᠢᠯᠯᠠᠭ᠎ᠠ ᠵᠢᠨ ᠰᠢᠷᠢᠰ ᠮᠡᠳᠡᠭᠡᠯᠡᠯ (ᠬᠣᠶᠠᠷ)
 
            