ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠬᠡᠷᠡᠭᠯᠡᠭᠡ᠎ᠪᠠᠷ ᠲᠡᠳᠬᠦᠬᠦ ᠰᠠᠭᠤᠷᠢᠨ ᠭᠠᠵᠠᠷ᠎ᠤᠨ ᠫᠠᠢ᠌ᠰᠠ ᠡᠯᠭᠦᠬᠦ ᠶᠣᠰᠣᠯᠠᠯ ᠬᠥᠬᠡᠬᠣᠲᠠ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2024-01-31

     ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠶᠡᠷᠦᠩᠬᠡᠢ ᠡᠪᠯᠡᠯ᠎ᠤᠨ᠎ᠬᠢᠨ᠎ᠤ ᠪᠠᠢ᠌ᠭᠤᠯᠤᠭᠰᠠᠨ 《ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠤᠨ᠎ᠬᠢᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠤᠨ ᠨᠡᠮᠡᠷᠢᠯᠡᠬᠦ ᠬᠡᠷᠡᠭᠯᠡᠭᠡ᠎ᠪᠠᠷ ᠲᠡᠳᠬᠦᠬᠦ ᠰᠠᠭᠤᠷᠢᠨ ᠭᠠᠵᠠᠷ》᠎ᠤᠨ ᠫᠠᠢ᠌ᠰᠠ ᠡᠯᠭᠦᠬᠦ ᠶᠣᠰᠣᠯᠠᠯ ᠬᠥᠬᠡᠬᠣᠲᠠ᠎ᠳᠤ ᠶᠠᠪᠤᠭᠳᠠᠪᠠ᠃  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠪᠠ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠲᠠᠰᠤᠭ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠶᠡᠷᠦᠩᠬᠡᠢ ᠡᠪᠯᠡᠯ᠎ᠤᠨ ᠬᠠᠷᠢᠭᠤᠴᠠᠯᠭ᠋ᠠᠲᠠᠨ ᠠᠵᠢᠯᠯᠠᠭ᠎ᠠ᠎ᠳᠤ ᠣᠷᠣᠯᠴᠠᠵᠤ᠂ ᠥᠪᠥᠷ ᠮᠣᠩᠭᠣᠯ᠎ᠤᠨ ᠪᠠᠩᠬᠢ ᠵᠢᠨ ᠦᠢ᠍ᠯᠡᠰ᠎ᠤᠨ ᠨᠡᠢ᠌ᠭᠡᠮᠯᠢᠭ᠂ ᠴᠢᠮᠡᠭᠡ ᠬᠣᠯᠪᠣᠭ᠎ᠠ ᠵᠢᠨ ᠠᠵᠢᠯ ᠲᠥᠷᠥᠯ᠎ᠤᠨ᠎ᠬᠢᠨ᠎ᠤ ᠨᠡᠢ᠌ᠭᠡᠮᠯᠢᠭ᠂ ᠣᠷᠳᠣᠰ ᠬᠤᠳᠠᠯᠳᠤᠭ᠋ᠠᠴᠢᠳ᠎ᠤᠨ ᠨᠡᠢ᠌ᠬᠡᠮᠯᠢᠭ ᠵᠡᠷᠭᠡ 20 ᠭᠠᠷᠤᠢ ᠭᠡᠰᠢᠭᠦᠨ ᠨᠢᠬᠡᠴᠢ ᠵᠢᠨ᠎ᠬᠢᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠠᠢ᠃

W020240126330188446060.jpg


      ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠶᠡᠷᠦᠩᠬᠡᠢ ᠡᠪᠯᠡᠯ᠎ᠤᠨ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠣᠰᠢᠭᠤᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠪᠣᠬᠢᠷᠲᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠣᠷᠣᠯᠠᠭᠤᠯᠬᠤ ᠦᠢ᠍ᠯᠡᠴᠢᠯᠡᠭᠡᠨ᠎ᠤ ᠲᠥᠪ᠎ᠲᠤ ᠲᠦᠰᠢᠭᠯᠡᠨ  ᠬᠡᠷᠡᠭᠯᠡᠬᠡ᠎ᠪᠠᠷ ᠲᠡᠳᠬᠦᠬᠦ ᠰᠠᠭᠤᠷᠢᠨ ᠭᠠᠵᠠᠷ᠎ᠢ ᠪᠠᠢ᠌ᠭᠤᠯᠪᠠ᠂ ᠡᠬᠦᠨ᠎ᠳᠤ ᠦᠵᠡᠭᠦᠯᠦᠯᠭᠡ ᠵᠢᠨ ᠲᠢᠩᠬᠢᠮ 500 ᠲᠡᠭᠰᠢ ᠳᠥᠷᠪᠡᠯᠵᠢᠨ ᠮᠧᠲᠷ᠂ ᠢᠵᠢ ᠪᠦᠷᠢᠳᠦᠭᠦᠯᠦᠭᠰᠡᠨ ᠲᠠᠷᠢᠶᠠᠯᠠᠩ᠎ᠤᠨ ᠪᠦᠲᠦᠭᠡᠭᠳᠡᠬᠦᠨ᠎ᠤ ᠲᠥᠪ᠎ᠤᠨ 1500 ᠲᠡᠭᠰᠢ ᠳᠥᠷᠪᠡᠯᠵᠢᠨ ᠮᠧᠲᠷ ᠪᠠᠢ᠌ᠵᠤ᠂ ᠦᠵᠡᠭᠦᠯᠦᠯᠭᠡ ᠵᠢᠨ ᠲᠢᠩᠬᠢᠮ᠎ᠤᠨ ᠪᠦᠲᠦᠭᠡᠭᠳᠡᠬᠦᠨ᠎ᠨᠢ ᠭᠣᠣᠯᠳᠠᠭᠤ ᠬᠢᠩᠭ᠋ᠠᠨ ᠠᠢ᠌ᠮᠠᠭ᠎ᠤᠨ ᠵᠠᠯᠠᠢ᠌ᠳ ᠬᠣᠰᠢᠭᠤ᠂ ᠤᠯᠠᠭ᠋ᠠᠨᠴᠠᠪ᠎ᠤᠨ ᠳᠥᠷᠪᠡᠳ ᠬᠣᠰᠢᠭᠤ ᠵᠡᠷᠭᠡ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠲᠡᠳᠬᠦᠬᠦ ᠭᠠᠵᠠᠷ ᠣᠷᠣᠨ᠎ᠠᠴᠠ ᠢᠷᠡᠯᠲᠡ᠎ᠲᠠᠢ ᠠᠮᠤ ᠪᠤᠳᠠᠭ᠎ᠠ ᠲᠣᠰᠣ᠂ ᠦᠬᠡᠷ ᠬᠣᠨᠢᠨ᠎ᠤ ᠮᠢᠬ᠎ᠠ᠂ ᠴᠠᠭ᠋ᠠᠨ ᠢᠳᠡᠭᠡᠨ᠂ ᠭᠠᠷ ᠤᠷᠠᠯᠠᠯ᠎ᠤᠨ ᠪᠦᠲᠦᠭᠡᠭᠳᠡᠬᠦᠨ ᠵᠡᠷᠭᠡ 1800 ᠭᠠᠷᠤᠢ ᠲᠥᠷᠥᠯ ᠪᠤᠢ᠃ ᠲᠡᠳᠬᠦᠬᠦ ᠰᠠᠭᠤᠷᠢᠨ ᠭᠠᠵᠠᠷ᠎ᠤᠨ᠎ᠬᠢᠨ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠬᠣᠣᠰ ᠴᠢᠭᠯᠡᠯ ᠵᠶ᠋ᠡᠷ ᠬᠦᠴᠦᠯᠡᠬᠦ ᠪᠣᠷᠤᠯᠠᠭᠤᠯᠭ᠎ᠠ ᠵᠢᠨ ᠵᠠᠭᠪᠤᠷ᠎ᠢ ᠬᠡᠷᠡᠭᠵᠢᠭᠦᠯᠵᠦ᠂ ᠦᠢ᠍ᠯᠡᠳᠬᠦᠨ᠎ᠢ ᠦᠢ᠍ᠯᠡᠳᠪᠦᠷᠢᠯᠡᠬᠦ᠂ ᠲᠡᠭᠡᠭᠡᠪᠦᠷᠢᠯᠡᠬᠦ᠂ ᠪᠣᠭᠣᠳᠠᠯᠯᠠᠬᠤ᠂ ᠪᠣᠷᠣᠯᠠᠭᠤᠯᠬᠤ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠨᠠᠪᠲᠠᠷᠡᠭᠦᠯᠵᠦ᠂ ᠥᠷᠭᠡᠨ ᠤᠯᠠᠨ ᠭᠡᠰᠢᠭᠦᠳ᠎ᠢ ᠬᠡᠷᠡᠭᠯᠡᠭᠡ᠎ᠪᠠᠷ ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠢ ᠬᠠᠪᠰᠤᠷᠬᠤ ᠮᠦᠷᠳᠡᠬᠡᠨ ᠴᠢᠨᠠᠷ ᠰᠠᠢ᠌ᠳᠠᠢ ᠡᠳ᠋ ᠪᠠᠷᠠᠭ᠎ᠠ ᠠᠪᠬᠤ᠎ᠳᠤ ᠲᠦᠬᠦᠮ ᠦᠵᠡᠬᠦᠯᠤᠨ᠂ ᠦᠢ᠍ᠯᠡᠳᠪᠦᠷᠢᠯᠡᠭᠴᠢᠳ ᠪᠠ ᠬᠡᠷᠡᠭᠯᠡᠭᠴᠢᠳ᠎ᠤᠨ ᠬᠦᠬᠦᠷᠬᠡ ᠬᠤᠯᠪᠤᠭ᠋ᠠᠰᠤ ᠪᠤᠯᠤᠬᠰᠠᠨ ᠪᠠᠢ᠌ᠨ᠎ᠠ᠃
     ᠡᠬᠢᠯᠡᠯᠲᠡ ᠵᠢᠨ ᠶᠣᠰᠣᠯᠠᠯ ᠳᠡᠭᠡᠷ᠎ᠡ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠶᠡᠷᠦᠩᠬᠡᠢ ᠡᠪᠯᠡᠯ᠎ᠤᠨ᠎ᠬᠢᠨ ᠪᠦᠬᠦ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ 《ᠬᠡᠷᠡᠭᠯᠡᠭᠡ᠎ᠪᠠᠷ ᠲᠡᠳᠬᠦᠬᠦ ᠠᠵᠢᠯᠯᠠᠭ᠎ᠠ》 ᠵᠢᠨ ᠰᠠᠨᠠᠭ᠋ᠠᠴᠢᠯᠠᠭ᠎ᠠ ᠵᠢᠨ ᠪᠢᠴᠢᠭ ᠪᠠᠭᠤᠯᠭ᠋ᠠᠵᠤ᠂ ᠲᠤᠬᠠᠢ ᠵᠢᠨ ᠲᠠᠯᠠᠪᠠᠢ᠎ᠳᠤ  ᠪᠤᠷᠤᠯᠠᠭᠤᠯᠬᠤ ᠠᠵᠢᠯᠯᠠᠭ᠎ᠠ  ᠦᠷᠨᠢᠬᠦᠯᠤᠨ᠂ ᠥᠪᠥᠷ ᠮᠣᠩᠭᠣᠯ᠎ᠤᠨ ᠦᠨᠡᠲᠦ ᠲᠡᠮᠳᠡᠭᠲᠦ ᠬᠤᠭᠤᠴᠠᠭ᠋ᠠᠲᠤ ᠪᠠᠷᠠᠭ᠋ᠠᠨ᠎ᠤ ᠦᠢ᠍ᠯᠡᠰ᠎ᠤᠨ ᠨᠡᠢ᠌ᠭᠡᠮᠯᠢᠭ᠂ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠲᠥᠷᠥᠯ᠎ᠤᠨ ᠨᠡᠢ᠌ᠭᠡᠮᠯᠢᠭ ᠵᠡᠷᠭᠡ 6 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ 34000 ᠭᠠᠷᠤᠢ ᠲᠥᠭᠥᠷᠢᠭ᠎ᠤᠨ ᠥᠷᠲᠡᠭ ᠪᠦᠬᠦᠢ ᠠᠮᠤ ᠪᠤᠳᠠᠭ᠎ᠠ ᠲᠣᠰᠣ ᠪᠠ ᠣᠷᠣᠨ ᠨᠤᠲᠤᠭ᠎ᠤᠨ ᠣᠨᠴᠠ ᠭᠠᠷᠤᠯᠲᠠ ᠵᠢ ᠵᠠᠬᠢᠶᠠᠯᠠᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ  ᠬᠡᠷᠡᠭᠯᠡᠬᠡ᠎ᠪᠠᠷ ᠲᠡᠳᠬᠦᠬᠦ ᠠᠵᠢᠯᠯᠠᠭ᠎ᠠ ᠵᠢᠨ ᠬᠥᠰᠢᠭᠡ ᠵᠢ ᠨᠡᠭᠡᠭᠡᠭᠰᠡᠨ ᠪᠠᠢ᠌ᠨ᠎ᠠ᠃




      


  

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠠᠢ᠌ᠷ᠎ᠠ ᠵᠢᠨ ᠪᠤᠤᠬᠢᠶ᠎ᠠ ᠲᠠᠮᠵᠢᠭᠤᠯᠵᠤ ᠯᠨ ᠰᠠᠷ᠎ᠠ ᠵᠢᠨ ᠨᠠᠢ᠍ᠮᠠᠨ᠎ᠢ ᠬᠠᠮᠳᠤ᠎ᠪᠠᠷ ᠦᠡᠭᠭᠡᠷᠡᠬᠦᠯᠪᠡ — 《ᠶᠡᠬᠡ ᠬᠠᠢ᠌ᠷ᠎ᠠ ᠵᠢᠨ ᠤᠮᠠᠷᠠᠳᠤ ᠬᠢᠯᠢ᠂ ᠪᠤᠶᠠᠨᠰᠠᠭ ᠦᠢ᠍ᠯᠡᠰ᠎ᠤᠨ ᠠᠶᠠᠨ》 ᠬᠡᠮᠡᠬᠦ ᠬᠠᠯᠠᠭᠤᠨ ᠲᠤᠯᠠᠭ᠋ᠠᠨ ᠡᠪᠤᠯᠵᠢᠬᠦᠯᠬᠦ ᠠᠵᠢᠯᠯᠠᠭ᠎ᠠ ᠵᠢᠨ ᠰᠢᠷᠢᠰ ᠮᠡᠳᠡᠬᠡᠯᠡᠯ (ᠨᠢᠬᠡ)
ᠪᠠᠶᠠᠷ᠎ᠤᠨ ᠮᠡᠳᠡᠭᠡ! 2023 ᠣᠨ᠎ᠤ ᠳᠤᠮᠳᠠᠳᠤ ᠤᠯᠤᠰ᠎ᠤᠨ ᠨᠡᠢ᠌ᠭᠡᠮ᠎ᠤᠨ ᠪᠠᠲᠤᠯᠠᠭ᠎ᠠ ᠵᠢᠨ ᠠᠵᠢᠯᠲᠠᠨ᠂ ᠬᠠᠮᠤᠭ᠎ᠤᠨ ᠰᠤᠳᠤᠨ ᠨᠡᠢ᠌ᠭᠡᠮ᠎ᠤᠨ ᠠᠵᠢᠯᠲᠠᠨ᠂ ᠬᠠᠮᠤᠭ᠎ᠤᠨ ᠰᠤᠳᠤᠨ ᠡᠮᠨᠡᠯᠭᠡ ᠵᠢᠨ ᠶᠠᠪᠤᠳᠠᠯ᠎ᠤᠨ ᠨᠡᠢ᠌ᠭᠡᠮ᠎ᠤᠨ ᠠᠵᠢᠯᠲᠠᠨ᠎ᠤ ᠨᠡᠷᠡᠰ᠎ᠢ ᠨᠡᠢ᠌ᠳᠡᠯᠡᠭᠰᠡᠨ᠎ᠤ ᠲᠤᠳᠤᠷ᠎ᠠ ᠮᠠᠨ᠎ᠤ ᠣᠷᠣᠨ᠎ᠤ 10 ᠬᠥᠮᠥᠨ ᠪᠠ 1 ᠲᠥᠷᠥᠯ ᠵᠦᠢ᠍ᠯ ᠵᠢᠬᠰᠠᠭ᠋ᠠᠬᠳᠠᠪᠠ
ᠵᠠᠮ᠎ᠤᠨ ᠴᠠᠰᠤ ᠵᠢ ᠬᠠᠷᠤᠵᠤ ᠤᠯᠠᠨ ᠲᠦᠮᠡᠨ᠎ᠳᠤ ᠲᠦᠭᠦᠮ ᠦᠵᠡᠬᠦᠯᠪᠡ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠰᠠᠢ᠌ᠨ᠎ᠤ ᠦᠢ᠍ᠯᠨ ᠲᠡᠢ᠌ᠰᠢ》 — ᠲᠤᠯᠠᠭ᠋ᠠᠨ ᠡᠪᠤᠯᠵᠢᠬᠦᠯᠬᠦ ᠠᠵᠢᠯᠯᠠᠭ᠎ᠠ ᠵᠢᠨ ᠰᠢᠷᠢᠰ ᠮᠡᠳᠡᠭᠡᠯᠡᠯ (ᠬᠣᠶᠠᠷ)
ᠬᠡᠦᠬᠡᠳ᠎ᠢ ᠬᠠᠯᠠᠮᠵᠢᠯᠠᠨ ᠬᠠᠯᠠᠭᠤᠨ ᠲᠤᠯᠠᠭ᠋ᠠᠨ᠎ᠢ ᠬᠦᠷᠬᠡᠵᠤ ᠪᠠᠢ᠌ᠨ᠎ᠠ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠰᠠᠢ᠌ᠨ᠎ᠤ ᠦᠢ᠍ᠯᠨ ᠲᠡᠢ᠌ᠰᠢ》 — ᠲᠤᠯᠠᠭ᠋ᠠᠨ ᠡᠪᠤᠯᠵᠢᠬᠦᠯᠬᠦ ᠠᠵᠢᠯᠯᠠᠭ᠎ᠠ ᠵᠢᠨ ᠰᠢᠷᠢᠰ ᠮᠡᠳᠡᠭᠡᠯᠡᠯ (ᠬᠣᠶᠠᠷ)
《ᠵᠢᠯ᠎ᠤᠨ ᠡᠬᠢᠨ᠎ᠤ ᠠᠩᠬᠠᠨ᠎ᠤ ᠬᠢᠴᠢᠶᠡᠯ》᠎ᠢ ᠰᠠᠢ᠌ᠨ ᠶᠠᠷᠢᠪᠠ — ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠰᠢ ᠵᠢᠨ ᠫᠢᠡᠭ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠬᠣᠶᠠᠷ ᠶᠡᠬᠡ ᠶᠠᠪᠤᠳᠠᠯ᠎ᠢ ᠴᠢᠷᠮᠠᠢ᠌ᠨ ᠰᠠᠢ᠌ᠲᠤᠷ ᠪᠡᠶᠡᠯᠡᠭᠦᠯᠦᠶ᠎ᠡ》 ᠭᠡᠬᠦ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢᠯᠡᠪᠡ
 
            