ᠰᠦᠨ ᠱᠤᠤ ᠴᠸᠡᠭ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠯᠢᠭᠡᠷ — ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠵᠡᠭᠦᠨ ᠬᠣᠢ᠌ᠲᠤ ᠣᠷᠣᠨ᠎ᠳᠤ᠎ᠬᠢ ᠦᠢ᠍ᠯᠡᠳᠦᠯᠭᠡ》 ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ᠎ᠳᠤ ᠸᠢᠳᠢᠤ᠋᠎ᠪᠠᠷ ᠤᠷᠤᠯᠴᠠᠪᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠭᠠᠳᠠᠭ᠋ᠠᠳᠤ᠎ᠲᠠᠢ ᠬᠠᠷᠢᠯᠴᠠᠬᠤ ᠬᠡᠯᠲᠡᠰ ᠪᠣᠯᠣᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠯᠶᠤᠤᠨᠢᠡᠭ ᠮᠤᠵᠢ ᠵᠢᠨ ᠬᠣᠷᠢᠶ᠎ᠠ᠂ ᠬᠢᠷᠢᠨ ᠮᠤᠵᠢ ᠵᠢᠨ ᠬᠣᠷᠢᠶ᠎ᠠ᠂ ᠬᠠᠷᠠᠮᠥ᠋ᠷᠡᠨ ᠮᠤᠵᠢ ᠵᠢᠨ ᠬᠣᠷᠢᠶ᠎ᠠ ᠵᠢᠨ᠎ᠬᠢᠨ᠎ᠤ 10 ᠳ᠋ᠤᠭ᠋ᠠᠷ ᠰᠠᠷ᠎ᠠ ᠵᠢᠨ 14 ᠤ ᠡᠳᠦᠷ ᠬᠠᠮᠲᠤᠷᠠᠨ ᠡᠷᠬᠢᠯᠡᠭᠰᠡᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠯᠢᠭᠡᠷ — ᠰᠢ ᠵᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠵᠡᠭᠦᠨ ᠬᠣᠢ᠌ᠲᠤ ᠣᠷᠣᠨ᠎ᠳᠤ᠎ᠬᠢ ᠦᠢ᠍ᠯᠡᠳᠦᠯᠭᠡ》 ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠬᠢᠷᠢᠨ ᠮᠤᠵᠢ ᠵᠢᠨ ᠴᠠᠩᠴᠦ᠋ᠨ ᠬᠤᠳᠠ᠎ᠳᠤ ᠶᠠᠪᠤᠭᠳᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠸᠢᠳᠢᠤ᠋᠎ᠪᠠᠷ ᠪᠠᠶᠠᠷ᠎ᠤᠨ ᠦᠭᠡ ᠬᠡᠯᠡᠭᠰᠡᠨ ᠪᠥᠭᠡᠳ ᠠᠰᠠᠭᠤᠯᠲᠠ ᠵᠢ ᠬᠠᠷᠢᠭᠤᠯᠵᠠᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠭᠠᠳᠠᠭ᠋ᠠᠳᠤ᠎ᠲᠠᠢ ᠬᠠᠷᠢᠯᠴᠠᠬᠤ ᠬᠡᠯᠲᠡᠰ ᠪᠣᠯᠣᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠯᠶᠤᠤᠨᠢᠡᠭ ᠮᠤᠵᠢ ᠵᠢᠨ ᠬᠣᠷᠢᠶ᠎ᠠ᠂ ᠬᠢᠷᠢᠨ ᠮᠤᠵᠢ ᠵᠢᠨ ᠬᠣᠷᠢᠶ᠎ᠠ᠂ ᠬᠠᠷᠠᠮᠥ᠋ᠷᠡᠨ ᠮᠤᠵᠢ ᠵᠢᠨ ᠬᠣᠷᠢᠶ᠎ᠠ ᠵᠢᠨ᠎ᠬᠢᠨ᠎ᠤ 10 ᠳ᠋ᠤᠭ᠋ᠠᠷ ᠰᠠᠷ᠎ᠠ ᠵᠢᠨ 14 ᠤ ᠡᠳᠦᠷ ᠬᠠᠮᠲᠤᠷᠠᠨ ᠡᠷᠬᠢᠯᠡᠭᠰᠡᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠯᠢᠭᠡᠷ — ᠰᠢ ᠵᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠵᠡᠭᠦᠨ ᠬᠣᠢ᠌ᠲᠤ ᠣᠷᠣᠨ᠎ᠳᠤ᠎ᠬᠢ ᠦᠢ᠍ᠯᠡᠳᠦᠯᠭᠡ》 ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠬᠢᠷᠢᠨ ᠮᠤᠵᠢ ᠵᠢᠨ ᠴᠠᠩᠴᠦ᠋ᠨ ᠬᠤᠳᠠ᠎ᠳᠤ ᠶᠠᠪᠤᠭᠳᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠸᠢᠳᠢᠤ᠋᠎ᠪᠠᠷ ᠪᠠᠶᠠᠷ᠎ᠤᠨ ᠦᠭᠡ ᠬᠡᠯᠡᠭᠰᠡᠨ ᠪᠥᠭᠡᠳ ᠠᠰᠠᠭᠤᠯᠲᠠ ᠵᠢ ᠬᠠᠷᠢᠭᠤᠯᠵᠤ ᠪᠠᠢ᠌ᠭ᠎ᠠ᠎ᠨᠢ
ᠥᠪᠥᠷ ᠮᠣᠩᠭᠣᠯ᠎ᠤᠨ ᠰᠣᠨᠢᠨ ᠮᠡᠳᠡᠭᠡᠨ᠎ᠤ ᠰᠦᠯᠵᠢᠶ᠎ᠡ ᠵᠢᠨ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠰᠦᠨ ᠱᠤᠤ ᠴᠧᠩ᠄ 《ᠰᠢ ᠵᠢᠨ ᠫᠢᠩ ᠶᠡᠷᠦᠩᠬᠡᠢ ᠱᠦᠵᠢ ᠥᠪᠥᠷ ᠮᠣᠩᠭᠣᠯ᠎ᠢ ᠲᠤᠢ᠌ᠯ ᠵᠶ᠋ᠠᠷ ᠬᠠᠯᠠᠮᠵᠢᠯᠠᠵᠤ ᠥᠪᠥᠷ ᠮᠣᠩᠭᠣᠯ᠎ᠤᠨ ᠬᠥᠭᠵᠢᠯᠲᠡ ᠵᠢᠨ ᠵᠢᠷᠤᠭ ᠲᠥᠯᠥᠪᠯᠡᠭᠡ ᠵᠢ ᠪᠡᠶ᠎ᠡ᠎ᠪᠠᠷ ᠵᠶ᠋ᠡᠨ ᠵᠢᠷᠤᠭᠯᠠᠵᠤ ᠥᠪᠥᠷ ᠮᠣᠩᠭᠣᠯ᠎ᠳᠤ 〈ᠲᠠᠪᠤᠨ ᠶᠡᠬᠡ ᠡᠭᠦᠷᠭᠡ 〉 ᠲᠤᠰᠢᠶᠠᠬᠰᠠᠨ ᠶᠤᠮ᠃ ᠰᠢ ᠵᠢᠨ ᠫᠢᠩ ᠶᠡᠷᠦᠩᠬᠡᠢ ᠱᠦᠵᠢ ᠪᠣᠯᠣᠨ ᠨᠠᠮ᠎ᠤᠨ ᠲᠥᠪ ᠬᠣᠷᠢᠶᠠᠨ᠎ᠤ ᠬᠠᠯᠠᠮᠵᠢᠯᠠᠯ ᠵᠶ᠋ᠡᠷ ᠥᠪᠥᠷ ᠮᠣᠩᠭᠣᠯ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷᠯᠢᠭ ᠬᠥᠭᠵᠢᠯᠲᠡ᠂ 〈ᠤᠮᠠᠷᠠᠲᠤ ᠵᠢᠨ ᠭᠤᠷᠪᠠᠨ ᠣᠷᠣᠨ 〉᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠵᠡᠷᠭᠡ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠳᠡᠮᠵᠢᠯᠭᠡ ᠵᠢ ᠶᠡᠬᠡ᠎ᠪᠠᠷ ᠬᠦᠷᠳᠡᠭᠰᠡᠨ ᠪᠠᠢ᠌ᠨ᠎ᠠ᠃ ᠨᠢᠳᠤᠨᠤᠨ᠎ᠤ 10 ᠳ᠋ᠤᠭ᠋ᠠᠷ ᠰᠠᠷ᠎ᠠ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠪᠠᠰᠠ 〈ᠥᠪᠥᠷ ᠮᠣᠩᠭᠣᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ〉᠎ᠢ ᠨᠡᠢ᠌ᠲᠡᠯᠡᠪᠡ᠂ ᠡᠨᠡ ᠪᠦᠬᠦᠨ᠎ᠨᠢ ᠥᠪᠥᠷ ᠮᠣᠩᠭᠣᠯ᠎ᠤᠨ ᠬᠥᠭᠵᠢᠯᠲᠡ᠎ᠳᠤ ᠥᠷᠭᠡᠨ ᠠᠭᠤᠳᠠᠮ ᠣᠷᠣᠨ ᠵᠠᠢ ᠬᠠᠩᠭ᠋ᠠᠭᠰᠠᠨ ᠪᠠᠢ᠌ᠨ᠎ᠠ》 ᠬᠡᠵᠡᠢ᠃

ᠰᠦᠨ ᠱᠤᠤ ᠴᠧᠩ᠄ 《ᠥᠪᠥᠷ ᠮᠣᠩᠭᠣᠯ᠎ᠤᠨ᠎ᠬᠢᠨ ᠤᠷᠴᠢᠮ᠎ᠤᠨ ᠵᠢᠯ᠎ᠠᠴᠠ ᠰᠢ ᠵᠢᠨ ᠫᠢᠩ ᠶᠡᠷᠦᠩᠬᠡᠢ ᠱᠦᠵᠢ ᠵᠢᠨ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠴᠢᠷᠮᠠᠢ᠌ᠨ ᠰᠠᠢ᠌ᠲᠤᠷ ᠬᠢᠭᠰᠡᠨ ᠵᠶ᠋ᠡᠷ ᠠᠮᠢ ᠠᠬᠤᠢ ᠵᠢᠨ ᠣᠷᠴᠢᠨ ᠲᠣᠭᠣᠷᠢᠨ ᠮᠠᠰᠢᠳᠠ ᠰᠠᠢ᠌ᠵᠢᠷᠠᠵᠤ ᠡᠨᠧᠷᠭᠢ ᠵᠢᠨ ᠠᠵᠤ ᠠᠬᠤᠢ ᠵᠢᠨ ᠬᠥᠭᠵᠢᠯᠲᠡ ᠵᠢᠨ ᠬᠠᠨᠳᠤᠰᠢ ᠡᠷᠴᠢᠮᠵᠢᠬᠡᠳ ᠤᠳᠤ ᠦᠶ᠎ᠡ ᠵᠢᠨ ᠮᠠᠯ ᠠᠵᠤ ᠠᠬᠤᠢ ᠲᠠᠷᠢᠶᠠᠯᠠᠩ ᠥᠷᠨᠢᠩᠭᠦᠢ ᠬᠥᠭᠵᠢᠵᠦ ᠭᠠᠳᠠᠭ᠋ᠠᠳᠤ ᠨᠡᠭᠡᠭᠡᠯᠲᠡ ᠲᠠᠰᠤᠷᠠᠯᠳᠡ ᠦᠭᠡᠢ ᠦᠷᠬᠡᠵᠢᠨ ᠰᠢᠨᠵᠢᠯᠡᠬᠦ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ ᠡᠬᠢᠯᠡᠯᠲᠡ ᠵᠢᠨ ᠬᠠᠨᠳᠤᠰᠢ᠎ᠲᠠᠢ ᠪᠤᠯᠤᠭ᠋ᠠᠳ ᠡᠯ᠎ᠡ ᠠᠵᠢᠯ᠎ᠳᠤ ᠲᠤᠪᠤᠢ᠌ᠮ᠎ᠠ ᠠᠮᠵᠢᠯᠲᠠ ᠣᠯᠵᠠᠢ᠃ ᠬᠥᠭᠵᠢᠯᠲᠡ ᠵᠢ ᠠᠬᠢᠭᠤᠯᠬᠤ ᠵᠢᠨ ᠬᠠᠮᠲᠤ ᠪᠢᠳᠡ ᠰᠢ ᠵᠢᠨ ᠫᠢᠩ ᠶᠡᠷᠦᠩᠬᠡᠢ ᠱᠦᠵᠢ ᠵᠢᠨ 〈ᠬᠠᠮᠲᠤ᠎ᠪᠠᠷ ᠴᠢᠨᠡᠭᠡᠯᠢᠭᠵᠢᠬᠦ ᠵᠠᠮ ᠳᠡᠭᠡᠷ᠎ᠡ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ᠎ᠬᠢᠨ ᠡᠩᠨᠡᠭᠡ᠎ᠠᠴᠠ᠎ᠪᠠᠨ ᠬᠣᠴᠣᠷᠴᠤ ᠪᠣᠯᠬᠤ ᠦᠭᠡᠢ〉 ᠭᠡᠰᠡᠨ ᠴᠢᠬᠤᠯᠠ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ ᠠᠵᠢᠯ ᠣᠯᠭᠣᠯᠲᠠ᠂ ᠣᠷᠣᠯᠭ᠎ᠠ ᠵᠢᠨ ᠨᠡᠮᠡᠭᠳᠡᠯ ᠪᠠ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠬᠦᠴᠦ ᠲᠠᠯᠪᠢᠨ ᠰᠠᠢ᠌ᠲᠤᠷ ᠬᠢᠭᠰᠡᠨ ᠵᠶ᠋ᠡᠷ ᠠᠷᠠᠳ᠎ᠤᠨ ᠠᠮᠢᠳᠤᠷᠠᠯ ᠤᠯᠠᠮ ᠰᠠᠢ᠌ᠵᠢᠷᠠᠵᠤ᠂ ᠵᠢᠷᠭ᠋ᠠᠯᠳᠤ ᠲᠥᠷᠥᠭᠳᠡᠯ ᠤᠯᠠᠮ᠎ᠠᠴᠠ ᠤᠯᠠᠮ ᠴᠢᠡᠭᠭ᠋ᠠᠷᠠᠭ᠋ᠠᠳ ᠬᠠᠨᠤᠮᠵᠢ ᠵᠢᠨ ᠬᠡᠮᠵᠢᠶ᠎ᠡ ᠤᠯᠠᠮ᠎ᠠᠴᠠ ᠤᠯᠠᠮ ᠲᠡᠭᠡᠭᠰᠢᠯᠡᠨ ᠦᠨᠳᠦᠰᠦᠲᠡᠨ᠎ᠨᠦᠭᠦᠳ᠎ᠤᠨ ᠤᠯᠠᠨ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠢ᠌ᠨ᠎ᠢ ᠰᠡᠳᠬᠢᠯ᠎ᠤᠨ ᠤᠭ᠎ᠠᠴᠠ᠎ᠪᠠᠨ ᠳᠤᠷᠠᠰᠤᠨ ᠰᠠᠨᠠᠭ᠋ᠠᠯᠵᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠰᠠᠢ᠌ᠨ᠎ᠢ ᠳᠤᠷᠠᠰᠤᠨ ᠰᠠᠨᠠᠭ᠋ᠠᠯᠵᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠡᠳᠬᠢᠯ᠎ᠤᠨ ᠭᠦᠨ ᠳᠤ᠎ᠪᠠᠨ ᠬᠠᠳᠠᠡᠭᠰᠢᠭᠤᠯᠤᠭ᠋ᠠᠳ ᠤᠯᠠᠨ ᠵᠶ᠋ᠡᠷ ᠵᠶ᠋ᠡᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ ᠵᠢ ᠬᠠᠮᠳᠤ᠎ᠪᠠᠷ ᠪᠦᠲᠦᠭᠡᠨ ᠪᠠᠢ᠌ᠭᠤᠯᠵᠤ ᠰᠠᠢ᠌ᠨ ᠰᠠᠢ᠌ᠬᠠᠨ ᠠᠮᠢᠳᠤᠷᠠᠯ᠎ᠢ ᠴᠤᠭ᠎ᠲᠤ᠎ᠪᠠᠨ ᠴᠤᠬ᠍ᠴᠠᠯᠠᠵᠤ ᠪᠠᠢ᠌ᠨ᠎ᠠ》 ᠬᠡᠯᠡ᠃
ᠰᠦᠨ ᠱᠤᠤ ᠴᠸᠡᠭ᠄ 《ᠥᠪᠥᠷ ᠮᠣᠩᠭᠣᠯ᠎ᠤᠨ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ᠂ ᠥᠩᠭᠡ ᠦᠵᠡᠮᠵᠢ ᠰᠦᠷᠯᠢᠭ ᠰᠠᠢ᠌ᠬᠠᠨ᠂ ᠣᠷᠣᠨ ᠪᠠᠢ᠌ᠷᠢ ᠳᠠᠪᠠᠭᠤᠯᠢᠭ᠂ ᠬᠥᠭᠵᠢᠯᠲᠡ ᠵᠢᠨ ᠨᠥᠬᠥᠴᠡᠯ ᠤᠯᠠᠨ᠎ᠠᠴᠠ ᠣᠨᠴᠠᠭ᠋ᠠᠢ᠂ ᠬᠥᠭᠵᠢᠯᠲᠡ ᠵᠢᠨ ᠢᠷᠡᠭᠡᠳᠦᠢ ᠥᠷᠭᠡᠨ ᠠᠭᠤᠳᠠᠮ ᠶᠤᠮ᠂ ᠪᠢᠳᠡ ᠬᠣᠯᠪᠣᠭᠳᠠᠯ ᠪᠦᠬᠦᠢ ᠤᠯᠤᠰ ᠣᠷᠣᠨ᠎ᠲᠠᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠳᠤᠷᠠᠲᠠᠶ᠎ᠠ ᠴᠢᠩᠭ᠋ᠠᠳᠬᠠᠵᠤ᠂ ᠰᠠᠢ᠌ᠨ ᠰᠠᠢ᠌ᠬᠠᠨ ᠢᠷᠡᠭᠡᠳᠦᠢ᠎ᠪᠠᠨ ᠬᠠᠮᠳᠤ᠎ᠪᠠᠷ ᠴᠤᠬ᠍ᠴᠠᠯᠠᠨ᠎ᠠ》 ᠭᠡᠵᠦ ᠬᠡᠯᠡᠪᠡ᠃
ᠰᠦᠨ ᠱᠤᠤ ᠴᠧᠩ ᠪᠠᠰᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠲᠤᠷᠰᠢᠯᠭ᠎ᠠ ᠪᠣᠯᠣᠨ ᠳᠠᠷᠠᠭ᠋ᠠᠴᠢ ᠵᠢᠨ ᠲᠥᠯᠥᠪᠯᠡᠭᠡ ᠵᠢᠨ ᠲᠤᠬᠠᠢ ᠬᠥᠲᠥᠯᠥᠭᠴᠢ ᠵᠢᠨ ᠠᠰᠠᠭᠤᠯᠲᠠ ᠵᠢ ᠬᠠᠷᠢᠭᠤᠯᠵᠠᠢ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠶᠠᠩ ᠵᠢᠨ ᠨᠠᠷ ᠠᠵᠢᠯᠯᠠᠭ᠎ᠠ᠎ᠳᠤ ᠣᠷᠣᠯᠴᠠᠪᠠ᠃