ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.14
ᠨᠡᠶᠢᠲᠡᠯᠡᠭᠰᠡᠨ ᠴᠠᠭ᠄ 2024-10-15

ᠠᠷᠠᠳ᠎ᠤᠨ ᠶᠠᠪᠤᠳᠠᠯ᠎ᠤᠨ ᠶᠠᠮᠤᠨ

   

   ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 5 ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠤᠷᠴᠢᠮ᠎ᠳᠤ 《2024 ᠣᠨ᠎ᠤ ᠠᠯᠲᠠᠨ ᠨᠠᠮᠤᠷ᠎ᠤᠨ ᠠᠵᠢᠯᠲᠠᠨ ᠡᠯᠰᠡᠬᠦ ᠰᠠᠷ᠎ᠠ ᠵᠢᠨ ᠠᠵᠢᠯᠯᠠᠭ᠎ᠠ》 ᠵᠢ ᠡᠬᠢᠯᠡᠭᠦᠯᠪᠡ᠃ ᠠᠵᠢᠯᠯᠠᠭ᠎ᠠ᠎ᠨᠢ ᠨᠢᠭᠡ ᠰᠠᠷ᠎ᠠ ᠵᠢᠨ ᠬᠤᠭᠤᠴᠠᠭ᠎ᠠ᠎ᠲᠠᠢ ᠶᠠᠪᠤᠭᠳᠠᠵᠤ᠂ ᠦᠢ᠍ᠯᠡᠴᠢᠯᠡᠬᠦ ᠡᠲᠡᠭᠡᠳ᠎ᠨᠢ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠪᠠ ᠳᠡᠭᠡᠳᠦ ᠰᠤᠷᠭ᠋ᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠨ᠂ ᠴᠡᠷᠢᠭ᠎ᠠᠴᠠ ᠬᠠᠯᠠᠭᠳᠠᠭᠰᠠᠳ᠂ ᠠᠵᠢᠯ ᠠᠯᠳᠠᠭᠰᠠᠳ ᠵᠶ᠋ᠠᠷ ᠪᠦᠷᠢᠳᠬᠡᠭᠦᠯᠬᠦ᠎ᠪᠠᠷ ᠭᠣᠣᠯᠳᠠᠯᠭ᠎ᠠ ᠪᠣᠯᠭ᠋ᠠᠨ᠎ᠠ᠃ ᠠᠵᠢᠯᠯᠠᠭ᠎ᠠ ᠵᠢᠨ ᠬᠤᠭᠤᠴᠠᠭ᠋ᠠᠨ᠎ᠳᠤ  ᠡᠯ᠎ᠡ ᠭᠠᠵᠠᠷ᠎ᠤᠨ᠎ᠬᠢᠨ ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠡᠯ᠎ᠡ ᠲᠥᠷᠥᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ  ᠦᠷᠨᠢᠬᠦᠯᠬᠦ ᠵᠢᠨ ᠬᠠᠮᠳᠤ ᠪᠠᠰᠨ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠢ᠌ᠷᠢ ᠳᠠᠭ᠋ᠠᠭᠤᠯᠬᠤ ᠵᠡᠷᠭᠡ ᠰᠦᠯᠵᠢᠶ᠎ᠡ᠎ᠪᠠᠷ ᠠᠵᠢᠯᠲᠠᠨ ᠡᠯᠰᠡᠬᠦ ᠠᠵᠢᠯᠯᠠᠭ᠎ᠠ ᠵᠢ ᠵᠡᠷᠬᠡ᠎ᠪᠠᠷ ᠥᠷᠨᠢᠭᠦᠯᠵᠦ᠂  ᠰᠤᠯᠨ ᠠᠵᠢᠯᠴᠢᠨ ᠲᠦᠷᠬᠡᠨ ᠡᠯᠰᠡᠬᠦ ᠦᠢ᠍ᠯᠡᠴᠢᠯᠡᠬᠡ ᠵᠢ ᠬᠠᠩᠭ᠋ᠠᠬᠤ ᠵᠢᠨ ᠬᠠᠮᠲᠤ ᠠᠵᠢᠯ ᠡᠷᠢᠭᠰᠡᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠠᠵᠢᠯ ᠮᠡᠷᠭᠡᠵᠢᠯ᠎ᠤᠨ ᠵᠢᠯᠣᠭᠣᠳᠤᠯᠭ᠎ᠠ ᠪᠠ ᠡᠷᠬᠡ ᠠᠰᠢᠭ᠎ᠤᠨ ᠪᠠᠲᠤᠯᠠᠭ᠎ᠠ ᠵᠢᠨ ᠲᠤᠬᠠᠢ ᠦᠢ᠍ᠯᠡᠴᠢᠯᠡᠭᠡ ᠵᠢ ᠬᠠᠨᠳᠤᠯᠭ᠎ᠠ᠎ᠲᠠᠢ ᠬᠠᠡᠭᠭ᠋ᠠᠬᠤ ᠪᠤᠯᠤᠨ᠎ᠠ᠃


ᠨᠡᠢ᠌ᠭᠡᠮ᠎ᠤᠨ ᠲᠤᠰᠠᠯᠠᠮᠵᠢ

   

    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 10 ᠳ᠋ᠤᠭ᠋ᠠᠷ ᠰᠠᠷ᠎ᠠ ᠵᠢᠨ 11᠎ᠤ ᠡᠳᠦᠷ  2024 ᠣᠨ᠎ᠤ ᠪᠥᠬᠥ ᠬᠣᠲᠠ ᠵᠢᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠪᠣᠯᠪᠠᠰᠤᠷᠠᠯ ᠡᠷᠭᠢᠯᠡᠪᠡ᠃ 《ᠪᠤᠭᠤᠲᠤ ᠬᠣᠲᠠ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠢᠨᠠᠨ ᠬᠠᠷᠭᠤᠭᠤᠯᠵᠤ ᠨᠤᠲᠠᠯᠠᠬᠤ ᠠᠷᠭ᠎ᠠ》᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠭᠡᠷ ᠪᠦᠯᠢ ᠪᠠ ᠵᠠᠢ᠌ᠯᠠᠰᠢ ᠦᠭᠡᠢ ᠵᠠᠷᠤᠯᠭ᠎ᠠ ᠵᠢᠨ ᠬᠦᠴᠢᠷᠳᠡᠯ᠎ᠲᠠᠢ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ᠂ ᠣᠷᠣᠯᠭ᠎ᠠ  ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠬᠤ ᠮᠡᠳᠡᠭᠡ ᠵᠠᠩᠭᠢ ᠵᠢᠨ ᠲᠠᠪᠴᠠᠩ᠎ᠳᠤ ᠣᠷᠣᠭᠤᠯᠬᠤ᠂ ᠨᠡᠢ᠌ᠭᠡᠮ᠎ᠤᠨ  ᠲᠤᠰᠠᠯᠠᠮᠵᠢ  《ᠨᠢᠭᠡ ᠶᠠᠪᠤᠳᠠᠯ》᠎ᠤᠨ ᠲᠥᠷᠥ ᠵᠢᠨ ᠪᠣᠳᠣᠯᠭ᠎ᠠ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠵᠡᠷᠭᠡ ᠠᠵᠢᠯ᠎ᠢ ᠭᠣᠣᠯᠳᠠᠯᠭ᠎ᠠ᠎ᠲᠠᠢ᠎ᠪᠠᠷ ᠰᠢᠰᠲ᠋ᠧᠮ᠎ᠲᠠᠢ ᠲᠣᠳᠣᠷᠬᠠᠢ᠌ᠯᠠᠨ ᠥᠭᠦᠯᠡᠵᠦ ᠭᠦᠨᠵᠡᠭᠡᠢ ᠲᠠᠢ᠌ᠯᠤᠮᠵᠢ ᠬᠢᠪᠡ᠃ ᠪᠤᠭᠤᠳᠤ ᠬᠣᠲᠠ ᠵᠢᠨ ᠬᠣᠰᠢᠭᠤ ᠰᠢᠶᠠᠨ ᠲᠣᠭᠣᠷᠢᠭ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ ᠲᠤᠬᠠᠢ᠌ᠯᠠᠭᠰᠠᠨ ᠠᠵᠢᠯ᠎ᠤᠨ ᠮᠡᠷᠭᠡᠵᠢᠯ᠎ᠤᠨ ᠭᠣᠣᠯᠯᠠᠭᠴᠢ 50 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃

 

ᠣᠷᠣᠨ ᠬᠤᠪᠢᠶᠠᠷᠢᠯᠠᠯ ᠭᠠᠵᠠᠷ᠎ᠤᠨ ᠨᠡᠷᠡᠰ

    ᠬᠥᠬᠡᠬᠣᠲᠠ ᠵᠢᠨ᠎ᠬᠢᠨ ᠱᠦᠢ ᠮᠦᠸᠸ ᠲᠣᠰᠬᠣᠨ᠂ ᠲᠠᠢ᠌ᠭ᠋ᠠᠳᠤ ᠲᠣᠰᠬᠣᠨ ᠪᠣᠯᠣᠨ ᠲᠠᠢ᠌ᠵᠢ ᠵᠢᠨ ᠠᠢ᠌ᠯ ᠲᠣᠰᠬᠣᠨ ᠵᠶ᠋ᠠᠷ   ᠲᠤᠷᠰᠢᠯᠲᠠ ᠬᠢᠵᠦ 《ᠬᠥᠳᠡᠭᠡ ᠲᠣᠰᠬᠣᠨ᠎ᠤ ᠨᠡᠷᠡᠳᠦ ᠠᠵᠢᠯᠯᠠᠭ᠎ᠠ》 ᠵᠢ ᠭᠦᠨᠵᠡᠭᠡᠢ ᠥᠷᠨᠢᠭᠦᠯᠵᠦ᠂ ᠭᠠᠵᠠᠷ᠎ᠤᠨ  ᠨᠡᠷᠡᠰ᠎ᠤᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠵᠢ ᠴᠢᠬᠤᠯᠠᠴᠢᠯᠠᠵᠤ᠂  ᠨᠠᠢ᠌ᠷᠠᠮᠳᠠᠭᠤ ᠦᠵᠡᠰᠬᠦᠯᠡᠡᠭ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠬᠦᠴᠦ ᠨᠡᠮᠡᠷᠢᠯᠡᠪᠡ᠃ 2024 ᠣᠨ᠎ᠳᠤ ᠨᠢᠭᠡᠳᠦᠭᠡᠷ ᠪᠦᠯᠦᠭ᠎ᠤᠨ ᠲᠤᠷᠰᠢᠯᠲᠠ ᠵᠢᠨ ᠴᠡᠭ᠎ᠤᠨ ᠬᠥᠳᠡᠭᠡ ᠲᠣᠰᠬᠣᠨ᠎ᠳᠤ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠲᠤ ᠲᠤᠰᠠᠯᠠᠬᠤ ᠳᠤᠷ᠎ᠠ ᠰᠣᠨᠢᠷᠬᠠᠯ᠎ᠤᠨ ᠴᠡᠭ᠎ᠢ 621  ᠴᠤᠬᠯᠠᠭᠤᠯᠪᠠ (ᠡᠬᠦᠨ᠎ᠳᠤ ᠭᠤᠤ ᠳ᠋ᠸ ᠭᠠᠵᠠᠷ᠎ᠤᠨ ᠵᠢᠷᠤᠭ᠎ᠲᠤ 136 ᠤᠷᠤᠭᠤᠯᠵᠤ᠂ ᠪᠠᠢ ᠳ᠋ᠦ᠋ ᠭᠠᠵᠠᠷ᠎ᠤᠨ ᠵᠢᠷᠤᠭ᠎ᠢ 169  ᠤᠷᠤᠭᠤᠯᠪᠠ)᠃ ᠡᠬᠦᠨ᠎ᠤ ᠲᠤᠳᠤᠷ᠎ᠠ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ 206᠂ ᠲᠠᠷᠢᠶᠠᠴᠢᠨ ᠠᠢ᠌ᠯ᠎ᠤᠨ ᠵᠤᠭ᠋ᠠᠴᠠᠯ᠎ᠤᠨ ᠲᠥᠬᠦᠭᠡᠷᠦᠮᠵᠢ 36᠂ ᠠᠷᠠᠳ᠎ᠤᠨ ᠣᠷᠣᠨ ᠰᠠᠭᠤᠴᠠ 69᠂ ᠲᠦᠷᠭᠡᠨ ᠬᠦᠷᠭᠡᠬᠦ ᠪᠠᠷᠠᠭ᠋ᠠᠨ᠎ᠤ ᠭᠦᠢ᠍ᠯᠭᠡᠭᠡᠨ᠎ᠤ ᠴᠡᠭ 5 ᠪᠠᠢ᠌ᠭ᠎ᠠ ᠶᠤᠮ ᠪᠠᠢ᠌ᠨ᠎ᠠ᠃
 
ᠨᠠᠰᠤᠵᠢᠯ᠎ᠤᠨ ᠦᠢ᠍ᠯᠡᠴᠢᠯᠡᠭᠡ


     ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠡᠷᠬᠢᠨ ᠦᠵᠡᠵᠦ ᠲᠣᠬᠣᠨᠢᠭᠤᠯᠬᠤ᠂  ᠬᠠᠯᠠᠮᠵᠢᠯᠠᠵᠤ ᠲᠡᠳᠬᠦᠬᠦ᠂ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ᠂ ᠰᠠᠢ᠌ᠨ ᠳᠤᠷ᠎ᠠ ᠵᠢᠨ ᠦᠢ᠍ᠯᠡᠴᠢᠯᠡᠭᠡ᠂ ᠨᠠᠰᠤᠲᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ᠂ ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠬᠦ ᠵᠡᠷᠭᠡ 6 ᠲᠦᠷᠦᠯ᠎ᠤᠨ 17 ᠵᠦᠢ᠍ᠯ᠎ᠤᠨ ᠠᠭᠤᠯᠭ᠎ᠠ᠎ᠪᠠᠷ ᠭᠣᠣᠯ ᠰᠡᠳᠦᠪ ᠪᠣᠯᠭ᠋ᠠᠭᠰᠠᠨ 2024 ᠣᠨ᠎ᠤ 《ᠨᠠᠰᠤᠲᠠᠢ᠌ᠴᠤᠳ᠎ᠢ ᠬᠦᠨᠳᠦᠯᠡᠬᠦ ᠰᠠᠷ᠎ᠠ》 ᠪᠠ 《  ᠶᠢᠰᠦᠨ ᠰᠠᠷ᠎ᠠ ᠵᠢᠨ ᠶᠢᠰᠦᠨ᠎ᠤ ᠪᠠᠶᠠᠷ》 ᠎ᠤᠨ ᠰᠢᠷᠢᠰ ᠠᠵᠢᠯᠯᠠᠭ᠎ᠠ ᠵᠢ ᠥᠷᠨᠢᠭᠦᠯᠵᠡᠢ᠃ ᠶᠢᠰᠦᠨ ᠰᠠᠷ᠎ᠠ ᠵᠢᠨ ᠶᠢᠰᠦᠨ᠎ᠤ ᠪᠠᠶᠠᠷ᠎ᠤᠨ ᠲᠤᠬᠠᠢ ᠵᠢᠨ ᠡᠳᠦᠷ ᠪᠥᠬᠥ ᠠᠢ᠌ᠮᠠᠭ᠎ᠤᠨ᠎ᠬᠢᠨ ᠨᠡᠶ᠋ᠢᠲᠡ 100 ᠭᠠᠷᠤᠢ ᠤᠳᠠᠭ᠋ᠠᠨ᠎ᠤ ᠠᠵᠢᠯᠯᠠᠭ᠎ᠠ ᠥᠷᠨᠢᠭᠦᠯᠵᠦ  ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠢ ᠵᠣᠬᠢᠶᠠᠨ ᠪᠠᠢ᠌ᠭᠤᠯᠵᠤ ᠨᠠᠰᠤᠲᠠᠢ᠌ᠴᠤᠳ᠎ᠲᠠᠢ ᠬᠠᠮᠲᠤ᠎ᠪᠠᠷ ᠪᠠᠶᠠᠷ᠎ᠤᠨ ᠡᠳᠦᠷ᠎ᠢ ᠥᠩᠭᠡᠷᠡᠭᠦᠯᠪᠡ᠃


ᠬᠡᠦᠬᠡᠳ᠎ᠤᠨ ᠠᠰᠠᠷᠠᠮᠵᠢ


      ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠴᠤ ᠦᠭᠭᠦ ᠠᠷᠭ᠎ᠠ᠎ᠪᠠᠷ ᠪᠥᠬᠥ ᠠᠢ᠌ᠮᠠᠭ᠎ᠤᠨ ᠬᠡᠦᠬᠡᠳ᠎ᠤᠨ ᠠᠰᠠᠷᠠᠮᠵᠢ ᠵᠢᠨ ᠲᠥᠷᠥ ᠵᠢᠨ ᠪᠣᠳᠣᠯᠭ᠎ᠠ ᠵᠢᠨ ᠰᠦᠯᠵᠢᠶᠡᠨ᠎ᠤ ᠮᠡᠳᠡᠯᠭᠡ ᠵᠢᠨ ᠤᠷᠤᠯᠳᠤᠭ᠋ᠠᠨ᠎ᠤ ᠠᠵᠢᠯᠯᠠᠭ᠎ᠠ ᠵᠢ ᠥᠷᠨᠢᠭᠦᠯᠵᠦ᠂ ᠡᠯ᠎ᠡ ᠬᠣᠰᠢᠭᠤ (ᠲᠣᠭᠣᠷᠢᠭ) ᠵᠢᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠬᠡᠦᠬᠡᠳ᠎ᠤᠨ ᠠᠰᠠᠷᠠᠮᠵᠢ ᠵᠢᠨ ᠠᠵᠢᠯᠲᠠᠨ᠎ᠤ 120 ᠭᠠᠷᠤᠢ ᠬᠥᠮᠥᠨ ᠤᠷᠤᠯᠳᠤᠭ᠋ᠠᠨ᠎ᠳᠤ  ᠤᠷᠤᠯᠴᠠᠭᠤᠯᠤᠭ᠋ᠠᠳ ᠨᠢᠭᠡᠳᠦᠭᠡᠷ ᠳᠡᠰ᠎ᠲᠤ 3 ᠬᠦᠮᠦᠨ᠂ ᠬᠣᠶᠠᠳᠤᠭ᠋ᠠᠷ ᠳᠡᠰ᠎ᠲᠤ 7 ᠬᠦᠮᠦᠨ᠂ ᠭᠤᠷᠪᠠᠳᠤᠭ᠋ᠠᠷ ᠳᠡᠰ᠎ᠲᠤ 10  ᠬᠦᠮᠦᠨ᠂ ᠰᠢᠯᠢᠳᠡᠭ ᠱᠠᠩᠨᠠᠯ᠎ᠳᠤ 30  ᠬᠦᠮᠦᠨ᠎ᠢ ᠰᠢᠯᠭ᠋ᠠᠷᠠᠭᠤᠯᠤᠭ᠋ᠠᠳ ᠲᠤᠰ ᠲᠤᠰ 500 ᠲᠥᠭᠥᠷᠢᠭ᠂ 300 ᠲᠥᠭᠥᠷᠢᠭ᠂ 200 ᠲᠥᠭᠥᠷᠢᠭ᠂ 100 ᠲᠥᠭᠥᠷᠢᠭ ᠵᠶ᠋ᠡᠷ ᠱᠠᠡᠭᠨᠠᠬᠰᠠᠨ ᠪᠠᠢ᠌ᠨ᠎ᠠ᠃

 

 

    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ10.15
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ᠎ᠤᠨ᠎ᠬᠢᠨ ᠶᠢᠰᠤᠳᠡᠬᠢ 《ᠳᠤᠮᠳᠠᠳᠤ ᠤᠯᠤᠰ᠎ᠤᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠦᠭᠰᠡᠨ ᠰᠢᠷᠢᠰ ᠮᠡᠳᠡᠭᠡᠯᠡᠯ (ᠵᠢᠷᠭᠤᠭ᠎ᠠ)
《ᠪᠦᠬᠦ ᠣᠷᠣᠨ᠎ᠤ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠤᠨ ᠰᠢᠷᠢᠰ ᠦᠵᠡᠭᠦᠯᠦᠯᠭᠡ ᠵᠢᠷᠭᠤᠭ᠎ᠠ》 ᠬᠥᠯᠥᠨ ᠪᠤᠢ᠍ᠢ᠍ᠷ ᠬᠤᠳᠠ ᠵᠢᠨ ᠠᠷᠤᠨ ᠬᠣᠰᠢᠭᠤ ᠵᠢᠨ᠎ᠬᠢᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢ ᠠᠬᠢᠭᠤᠯᠵᠤ ᠦᠷ᠎ᠡ ᠪᠦᠲᠦᠮᠵᠢ ᠤᠯᠵᠤ ᠪᠠᠢ᠌ᠨ᠎ᠠ
ᠪᠤᠭᠤᠲᠤ ᠬᠤᠳᠠ ᠵᠢᠨ᠎ᠬᠢᠨ ᠶᠢᠰᠤᠳᠡᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》 ᠎ᠤᠨ ᠭᠣᠣᠯ ᠰᠡᠳᠦᠪᠲᠦ ᠤᠬᠠᠭᠤᠯᠭ᠎ᠠ ᠪᠠ ᠵᠠᠰᠠᠭ᠎ᠤᠨ ᠣᠷᠳᠣᠨ᠎ᠤ ᠲᠤᠰᠠᠯᠠᠮᠵᠢ ᠪᠣᠯᠣᠨ ᠨᠢᠭᠦᠯᠡᠰᠦᠩᠭᠦᠢ ᠵᠢᠨ ᠦᠢ᠍ᠯᠡᠰ᠎ᠤᠨ ᠲᠡᠳᠬᠦᠮᠵᠢ ᠵᠢ ᠪᠦᠲᠦᠮᠵᠢᠲᠡᠢ ᠵᠣᠯᠭ᠋ᠠᠭᠤᠯᠤᠨ ᠠᠬᠢᠭᠤᠯᠬᠤ ᠠᠵᠢᠯᠯᠠᠭ᠎ᠠ ᠥᠷᠨᠢᠭᠦᠯᠵᠡᠢ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ (9.3)
 
            