ᠠᠷᠠᠳ᠎ᠤᠨ ᠶᠠᠪᠤᠳᠠᠯ᠎ᠤᠨ ᠶᠠᠮᠤᠨ
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠠᠯᠪᠠᠨ ᠲᠢᠩᠬᠢᠮ᠂ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ᠎ᠬᠢᠨ 《2024 ᠣᠨ᠎ᠤ ᠣᠶᠤᠨᠴᠢ ᠵᠢᠭᠤᠯᠴᠢᠯᠠᠯ᠎ᠤᠨ ᠨᠠᠰᠤᠵᠢᠯᠲᠠ᠎ᠳᠤ ᠲᠣᠬᠢᠷᠠᠬᠤ ᠨᠡᠢ᠌ᠲᠡᠯᠢᠭ ᠵᠢᠱ᠌ᠢᠶ᠎ᠡ ᠵᠢ ᠡᠯᠰᠡᠬᠦ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠤᠷᠴᠢᠮ᠎ᠳᠤ ᠬᠠᠮᠳᠤᠷᠠᠨ ᠲᠠᠷᠬᠠᠭ᠋ᠠᠪᠠ᠃ ᠨᠠᠰᠤᠲᠠᠢ᠌ᠴᠤᠳ᠎ᠤᠨ ᠵᠢᠭᠤᠯᠴᠢᠯᠠᠯ ᠵᠶ᠋ᠠᠷ ᠶᠠᠪᠤᠵᠤ ᠰᠠᠭᠤᠬᠤ ᠠᠬᠤᠢ ᠪᠠᠢ᠌ᠳᠠᠯ ᠪᠠ ᠦᠨᠡᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠬᠦ ᠵᠢ ᠲᠣᠳᠣᠷᠬᠠᠢ ᠪᠣᠯᠭ᠋ᠠᠵᠤ ᠨᠢᠭᠡ ᠪᠦᠯᠦᠭ ᠣᠶᠤᠨᠴᠢ ᠵᠢᠭᠤᠯᠴᠢᠯᠠᠯ᠎ᠤᠨ ᠨᠠᠰᠤᠵᠢᠯᠲᠠ᠎ᠳᠤ ᠲᠣᠬᠢᠷᠠᠬᠤ ᠨᠡᠢ᠌ᠲᠡᠯᠢᠭ ᠵᠢᠱ᠌ᠢᠶ᠎ᠡ ᠵᠢ ᠰᠣᠩᠭᠣᠨ ᠵᠢᠱ᠌ᠢᠶ᠎ᠡ ᠦᠵᠡᠭᠦᠯᠦᠨ ᠵᠢᠯᠤᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ 《ᠲᠤᠭ᠋ᠠᠴᠢᠯᠠᠯᠤᠨ ᠪᠠᠯᠠᠢ》 ᠵᠢ ᠦᠷᠭᠦᠯᠵᠢᠯᠡᠨ ᠨᠠᠪᠲᠠᠷᠡᠭᠦᠯᠵᠦ᠂ ᠨᠠᠰᠤᠲᠠᠢ᠌ᠴᠤᠳ᠎ᠲᠤ ᠵᠢᠭᠤᠯᠴᠢᠯᠠᠯ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦᠯᠬᠦ ᠪᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ᠎ᠤ ᠳᠠᠭ᠋ᠠᠭ᠋ᠠᠨ ᠡᠷᠭᠢᠯᠡᠭᠰᠡᠨ 《ᠮᠣᠷᠠᠯ᠎ᠢ ᠡᠷᠬᠢᠮᠯᠡᠨ ᠬᠠᠤᠯᠢ ᠶᠣᠰᠣᠭ᠋ᠠᠷ ᠪᠤᠶᠠᠨ ᠦᠢ᠍ᠯᠡᠳᠬᠦ》 — ᠶᠢᠰᠦᠳᠡᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠵᠢᠨ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ 9 ᠳ᠋ᠤᠬᠡᠷ ᠰᠠᠷ᠎ᠠ ᠵᠢᠨ 1᠎ᠤ ᠡᠳᠦᠷ ᠬᠥᠬᠡᠬᠣᠲᠠ᠎ᠳᠤ ᠡᠬᠢᠯᠡᠪᠡ᠃ ᠡᠬᠢᠯᠡᠯᠲᠡ ᠵᠢᠨ ᠶᠣᠰᠣᠯᠠᠯ ᠳᠡᠭᠡᠷ᠎ᠡ 9 ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠲᠤᠬᠠᠢ ᠵᠢᠨ ᠲᠠᠯᠠᠪᠤᠷ᠎ᠲᠤ ᠬᠠᠨᠳᠢᠪ ᠡᠷᠬᠦᠵᠤ᠂ ᠨᠡᠶ᠋ᠢᠲᠡ 16 ᠵᠦᠢ᠍ᠯ᠎ᠤᠨ ᠨᠢᠭᠦᠯᠡᠰᠦᠩᠭᠦᠢ ᠵᠢᠨ ᠵᠦᠢ᠍ᠯᠡᠰ᠎ᠢ ᠦᠷᠨᠢᠬᠦᠯᠤᠬᠡᠳ ᠨᠡᠶ᠋ᠢᠲᠡ 3962.9 ᠲᠦᠮᠡᠨ ᠲᠥᠭᠥᠷᠢᠭ᠎ᠤᠨ ᠵᠣᠭᠣᠰ ᠮᠥᠩᠭᠥ ᠡᠳ᠋ ᠪᠣᠳᠠᠰ ᠬᠠᠨᠳᠢᠪᠯᠡᠨ 72 ᠲᠦᠮᠡ ᠭᠠᠷᠤᠢ ᠬᠥᠮᠥᠨ ᠠᠰᠢᠭ ᠬᠦᠷᠳᠡᠭᠰᠡᠨ᠎ᠤ ᠬᠠᠮᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ ᠲᠤᠬᠠᠢ ᠵᠢᠨ ᠲᠠᠯᠠᠪᠤᠷ᠎ᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ ᠨᠡᠭᠦᠳᠡᠯ ᠠᠷᠠᠳ᠎ᠢ ᠬᠠᠮᠢᠶᠠᠷᠬᠤ ᠴᠠᠭᠳᠠᠭ᠎ᠠ ᠵᠢ ᠬᠠᠯᠠᠮᠵᠢᠯᠠᠬᠤ ᠲᠤᠰᠬᠠᠢ ᠰᠠᠭᠤᠷᠢ ᠮᠥᠩᠭᠥ》 ᠵᠡᠷᠭᠡ 5 ᠠᠵᠢᠯᠯᠠᠭ᠎ᠠ ᠵᠢᠨ ᠲᠤᠬᠠᠢ ᠵᠢᠨ ᠲᠠᠯᠠᠪᠤᠷ᠎ᠲᠤ ᠪᠠᠰᠠ 《ᠬᠥᠬᠡᠬᠣᠲᠠ ᠵᠢᠨ ᠨᠢᠭᠦᠯᠡᠰᠦᠩᠭᠦᠢ ᠵᠢᠨ ᠦᠢ᠍ᠯᠡᠰ》 ᠨᠡᠷᠡᠮᠵᠢᠲᠦ ᠨᠡᠶ᠋ᠢᠲᠡ ᠵᠢᠨ ᠮᠠᠰᠢᠨ ᠲᠡᠷᠭᠡᠨ᠎ᠤ ᠲᠤᠤᠵᠠ ᠬᠠᠢ᠌ᠴᠢᠯᠠᠬᠤ ᠶᠣᠰᠣᠯᠠᠯ ᠶᠠᠪᠤᠭᠤᠯᠵᠤ᠂ 《ᠬᠥᠬᠡᠬᠣᠲᠠ ᠵᠢᠨ ᠨᠢᠭᠦᠯᠡᠰᠦᠩᠭᠦᠢ ᠵᠢᠨ ᠦᠢ᠍ᠯᠡᠰ》 ᠨᠡᠷᠡᠮᠵᠢᠲᠦ ᠨᠡᠶ᠋ᠢᠲᠡ ᠵᠢᠨ ᠮᠠᠰᠢᠨ ᠲᠡᠷᠭᠡ ᠲᠣᠰ ᠡᠳᠦᠷ ᠠᠰᠢᠭᠯᠠᠯᠲᠠ᠎ᠳᠤ ᠤᠷᠤᠭᠤᠯᠵᠤ ᠲᠡᠷᠭᠡᠨ ᠳᠡᠭᠡᠷᠡᠬᠢ ᠵᠠᠷ ᠮᠡᠳᠡᠭᠡ᠎ᠪᠠᠷ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠢ ᠤᠬᠠᠭᠤᠯᠵᠤ᠂ ᠰᠢᠯᠵᠢᠮᠡᠯ ᠨᠢᠭᠦᠯᠡᠰᠦᠩᠭᠦᠢ ᠵᠢᠨ ᠤᠬᠠᠭᠤᠯᠭ᠎ᠠ ᠵᠢᠨ ᠰᠠᠮᠪᠠᠷ᠎ᠠ ᠵᠢ ᠪᠣᠶ ᠪᠣᠯᠭ᠋ᠠᠵᠤ ᠨᠢᠭᠦᠯᠡᠰᠦᠩᠭᠦᠢ ᠵᠢᠨ ᠰᠣᠶᠣᠯ᠎ᠢ ᠤᠬᠠᠭᠤᠯᠤᠨ ᠳᠡᠯᠭᠡᠷᠡᠭᠦᠯᠪᠡ᠃
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
ᠬᠥᠯᠥᠨ ᠪᠣᠶ᠋ᠢᠷ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠠᠬᠢᠭᠤᠯᠬᠤ ᠨᠡᠢ᠌ᠭᠡᠮᠯᠢᠭ᠎ᠤᠨ 《ᠨᠠᠷᠠᠲᠤ ᠲᠥᠷᠥᠯ ᠲᠡᠮᠳᠡᠭᠲᠦ ᠵᠢᠨ ᠪᠠᠢ᠌ᠭᠤᠯᠤᠯᠲᠠ ᠵᠢᠨ ᠬᠠᠪᠰᠤᠷᠤᠨ ᠵᠢᠯᠤᠭᠣᠳᠬᠤ ᠵᠥᠪᠯᠡᠯ》᠎ᠤᠨ᠎ᠬᠢᠨ 9 ᠳ᠋ᠤᠬᠡᠷ ᠰᠠᠷ᠎ᠠ ᠵᠢᠨ 1᠎ᠤ ᠡᠳᠦᠷ ᠰᠤᠷᠪᠤᠯᠵᠢᠯᠠᠵᠤ ᠰᠣᠯᠢᠯᠴᠠᠬᠤ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠵᠦ᠂ ᠡᠯ᠎ᠡ ᠠᠵᠢᠯ ᠲᠦᠷᠦᠯ᠎ᠤᠨ ᠬᠢᠨ᠎ᠤ 24 ᠲᠤᠰᠬᠠᠢ ᠮᠡᠷᠭᠡᠵᠢᠯᠲᠡᠨ ᠵᠢᠯᠣᠭᠣᠳᠤᠭᠴᠢ ᠤᠯᠠᠨ ᠬᠤᠳᠠ ᠵᠢᠨ ᠲᠤᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠭᠦᠨᠵᠡᠭᠡᠢ᠌ᠷᠡᠵᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠤᠯᠢ ᠵᠢᠨ ᠬᠥᠮᠥᠨ᠎ᠤ ᠳᠣᠲᠣᠭ᠋ᠠᠳᠤ ᠵᠢᠨ ᠵᠠᠰᠠᠯᠲᠠ᠂ ᠡᠳ᠋᠎ᠤᠨ ᠶᠠᠪᠤᠳᠠᠯ ᠭᠠᠢ᠌ᠯᠢ ᠵᠢᠨ ᠶᠠᠪᠤᠳᠠᠯ᠂ ᠢᠲᠡᠭᠡᠮᠵᠢ ᠵᠢᠨ ᠪᠠᠢ᠌ᠭᠤᠯᠤᠯᠲᠠ᠂ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ᠂ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠠᠭᠤᠯᠭ᠎ᠠ ᠵᠢᠨ ᠲᠣᠭᠣᠷᠢᠨ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠣᠲᠣᠭ᠋ᠠᠳᠤ ᠵᠢᠨ ᠵᠠᠰᠠᠯᠲᠠ ᠵᠢᠨ ᠳᠦᠷᠢᠮ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠬᠦ ᠵᠢ ᠠᠬᠢᠭᠤᠯᠤᠬᠰᠠᠨ᠎ᠤ ᠬᠠᠮᠲᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠠᠪᠰᠤᠷᠤᠨ ᠠᠵᠢᠯ ᠲᠦᠷᠦᠯ᠎ᠤᠨ ᠣᠨᠴᠠᠯᠢᠭ᠂ ᠪᠠᠢ᠌ᠭᠤᠯᠤᠮᠵᠢ ᠵᠢᠨ ᠰᠢᠨᠵᠢ ᠴᠢᠨᠠᠷ ᠪᠠ ᠤᠷᠳᠤ ᠬᠤᠭᠤᠴᠠᠭ᠋ᠠᠨ᠎ᠤ ᠬᠥᠭᠵᠢᠯᠲᠡ ᠵᠢᠨ ᠬᠡᠷᠡᠭᠴᠡᠭᠡ ᠵᠢ ᠵᠠᠳᠠᠯᠵᠤ᠂ ᠴᠢᠳᠠᠪᠤᠷᠢᠲᠠᠨ᠎ᠤ ᠰᠣᠯᠢᠯᠴᠠᠭ᠎ᠠ ᠪᠠ ᠡᠬᠢ ᠪᠠᠶᠠᠯᠢᠭ᠎ᠤᠨ ᠬᠠᠷᠢᠯᠴᠠᠨ ᠨᠡᠪᠲᠡᠷᠡᠯᠴᠡᠬᠦ ᠲᠠᠪᠴᠠᠩ᠎ᠢ ᠪᠠᠶ᠋ᠢᠭᠤᠯᠬᠤ᠎ᠳᠤ ᠨᠥᠬᠥᠴᠡᠯ ᠪᠦᠷᠢᠯᠳᠤᠬᠦᠯᠪᠡ᠃
ᠨᠡᠢ᠌ᠭᠡᠮ᠎ᠤᠨ ᠲᠤᠰᠠᠯᠠᠮᠵᠢ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ ᠵᠡᠷᠭᠡ 12 ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠬᠥᠬᠡᠬᠣᠲᠠ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠪᠠ ᠵᠠᠢ᠌ᠯᠠᠰᠢ ᠦᠭᠡᠢ ᠵᠠᠷᠤᠯᠭ᠎ᠠ ᠵᠢᠨ ᠬᠦᠴᠢᠷᠳᠡᠯ᠎ᠲᠠᠢ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠪᠠ᠂ ᠡᠭᠦᠨ᠎ᠳᠤ ᠮᠠᠭ᠋ᠠᠳᠯᠠᠨ ᠲᠣᠭᠲᠠᠭ᠋ᠠᠬᠤ ᠨᠥᠬᠥᠴᠡᠯ᠂ ᠮᠠᠭ᠋ᠠᠳᠯᠠᠨ ᠲᠣᠭᠲᠠᠭ᠋ᠠᠬᠤ ᠵᠢᠷᠤᠮ᠂ ᠦᠢ᠍ᠯᠡᠴᠢᠯᠡᠭᠡᠨ᠎ᠤ ᠬᠠᠮᠢᠶᠠᠷᠤᠯᠲᠠ ᠪᠠ ᠬᠢᠨᠠᠯᠲᠠ ᠵᠡᠷᠭᠡ ᠲᠠᠯ᠎ᠠ ᠵᠢᠨ ᠭᠤᠴᠢᠨ ᠬᠣᠶᠠᠷ ᠵᠦᠢ᠍ᠯ ᠪᠠᠭᠲᠠᠨ᠎ᠠ᠃ ᠮᠠᠭ᠋ᠠᠳᠯᠠᠨ ᠲᠣᠭᠲᠠᠭ᠋ᠠᠬᠤ ᠠᠵᠢᠯ᠎ᠤᠨ ᠵᠠᠷᠴᠢᠮ᠎ᠢ ᠲᠣᠳᠣᠷᠬᠠᠢ ᠪᠣᠯᠭ᠋ᠠᠵᠤ᠂ ᠮᠠᠭ᠋ᠠᠳᠯᠠᠨ ᠲᠣᠭᠲᠠᠭ᠋ᠠᠬᠤ ᠨᠥᠬᠥᠴᠡᠯ ᠪᠠ ᠮᠠᠭ᠋ᠠᠳᠯᠠᠨ ᠲᠣᠭᠲᠠᠭ᠋ᠠᠬᠤ ᠶᠠᠪᠤᠴᠠ ᠵᠢ ᠲᠡᠭᠦᠯᠳᠡᠷᠵᠢᠭᠦᠯᠦᠨ ᠦᠢ᠍ᠯᠡᠴᠢᠯᠡᠭᠡᠨ᠎ᠤ ᠬᠠᠮᠢᠶᠠᠷᠤᠯᠲᠠ ᠪᠠ ᠬᠢᠨᠠᠯᠲᠠ ᠲᠠᠯᠪᠢᠬᠤ ᠪᠣᠳᠠᠲᠠᠢ ᠠᠷᠭ᠎ᠠ ᠵᠢ ᠰᠢᠯᠢᠳᠡᠭᠵᠢᠭᠦᠯᠵᠦ ᠮᠠᠭ᠋ᠠᠳᠯᠠᠨ ᠲᠣᠭᠲᠠᠭ᠋ᠠᠬᠤ ᠠᠵᠢᠯ᠎ᠳᠤ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠬᠠᠩᠭ᠋ᠠᠵᠤ ᠨᠡᠢ᠌ᠭᠡᠮ᠎ᠤᠨ ᠲᠤᠰᠠᠯᠠᠮᠵᠢ ᠵᠢᠨ 《ᠦᠨᠳᠦᠰᠦᠨ ᠪᠠᠳᠤᠯᠠᠭ᠎ᠠ᠂ ᠲᠦᠭᠰᠢᠭᠦᠷᠢ ᠵᠢ ᠰᠡᠷᠭᠡᠢ᠌ᠯᠡᠬᠦ᠂ ᠬᠥᠭᠵᠢᠯᠲᠡ ᠵᠢ ᠠᠬᠢᠭᠤᠯᠬᠤ》 ᠴᠢᠳᠠᠮᠵᠢ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃
ᠨᠠᠰᠤᠵᠢᠯ᠎ᠤᠨ ᠦᠢ᠍ᠯᠡᠴᠢᠯᠡᠭᠡ
ᠪᠠᠶᠠᠨᠨᠠᠭᠤᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠦᠨᠳᠡᠯᠡᠨ᠎ᠤ ᠲᠤᠰᠬᠠᠢ ᠪᠠᠢ᠌ᠭᠤᠯᠤᠮᠵᠢ ᠵᠢ ᠤᠷᠢᠵᠤ 11 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠭᠦᠨᠵᠡᠭᠡᠢ᠌ᠷᠡᠭᠦᠯᠦᠨ ᠮᠠᠲ᠋ᠧᠷᠢᠶᠠᠯ ᠪᠠᠢ᠌ᠴᠠᠭ᠋ᠠᠬᠤ᠂ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠬᠤ ᠠᠷᠭ᠎ᠠ᠎ᠪᠠᠷ ᠠᠶᠤᠯ ᠦᠬᠡᠢ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠂ ᠭᠠᠯ ᠤᠨᠲᠠᠷᠠᠭ᠋ᠠᠬᠤ᠂ ᠢᠳᠡᠭᠡᠨ᠂ ᠭᠡᠷ ᠪᠠᠢ᠌ᠰᠢᠩ᠂ ᠣᠨᠴᠠ ᠲᠥᠷᠥᠯ᠎ᠤᠨ ᠲᠣᠨᠣᠭ ᠲᠥᠬᠦᠭᠡᠷᠦᠮᠵᠢ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠦᠢ᠍ᠯᠡᠴᠢᠯᠡᠭᠡ ᠪᠠ ᠣᠯᠠᠨ ᠨᠡᠶ᠋ᠢᠲᠡ ᠵᠢᠨ ᠡᠳ᠋ ᠬᠥᠷᠥᠩᠭᠡ ᠵᠢᠨ ᠠᠮᠤᠷ ᠲᠦᠪᠰᠢᠨ ᠵᠡᠷᠭᠡ ᠵᠠᠩᠭᠢᠯᠠᠭ᠎ᠠ ᠵᠢᠨ ᠲᠠᠯ᠎ᠠ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠪᠥᠬᠥ ᠲᠠᠯ᠎ᠠ᠎ᠪᠠᠷ ᠪᠠᠢ᠌ᠴᠠᠭ᠋ᠠᠬᠰᠠᠨ᠎ᠤ ᠬᠠᠮᠲᠤ ᠲᠤᠬᠠᠢ ᠵᠢᠨ ᠲᠠᠯᠠᠪᠤᠷ᠎ᠲᠤ ᠪᠠᠢ᠌ᠴᠠᠭ᠋ᠠᠯᠲᠠ ᠵᠢᠨ ᠰᠠᠨᠠᠯ ᠭᠠᠷᠭ᠋ᠠᠵᠤ ᠪᠠᠢ᠌ᠭᠤᠯᠤᠮᠵᠢ ᠵᠢ ᠵᠢᠯᠣᠭᠣᠳᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠂ ᠬᠡᠮ ᠰᠣᠭᠣᠭ᠎ᠢ ᠵᠠᠰᠠᠬᠤ ᠰᠠᠨᠠᠭᠤᠯᠭ᠎ᠠ ᠪᠠ ᠠᠵᠢᠯ᠎ᠤᠨ ᠰᠠᠨᠠᠭᠤᠯᠭ᠎ᠠ ᠵᠢ ᠲᠣᠳᠣᠷᠬᠠᠢ᠌ᠯᠠᠵᠤ ᠭᠣᠣᠯᠳᠠᠯᠭ᠎ᠠ᠎ᠲᠠᠢ ᠨᠠᠰᠤᠵᠢᠯ᠎ᠤᠨ ᠪᠠᠢ᠌ᠭᠤᠯᠤᠮᠵᠢ ᠵᠢᠨ ᠬᠡᠮ ᠰᠣᠭᠣᠭ᠎ᠢ ᠪᠠᠢ᠌ᠴᠠᠭ᠋ᠠᠵᠤ ᠦᠨᠡᠨ ᠬᠦ᠌ ᠴᠡᠭᠴᠡᠯᠡᠨ ᠰᠠᠢ᠌ᠵᠢᠷᠠᠭᠤᠯᠵᠤ ᠨᠠᠰᠤᠵᠢᠯ᠎ᠤᠨ ᠪᠠᠢ᠌ᠭᠤᠯᠤᠮᠵᠢ ᠵᠢᠨ ᠠᠶᠤᠯ ᠦᠬᠡᠢ ᠵᠢᠨ ᠬᠢᠨᠠᠯᠲᠠ ᠬᠠᠮᠢᠶᠠᠷᠤᠯᠲᠠ ᠵᠢ ᠤᠯᠠᠮ ᠴᠢᠡᠭᠭ᠋ᠠᠳᠭ᠋ᠠᠬᠰᠠᠨ ᠪᠠᠢ᠌ᠨ᠎ᠠ᠃