9 ᠳ᠋ᠤᠬᠡᠷ ᠰᠠᠷ᠎ᠠ ᠵᠢᠨ 5᠎ᠤ ᠡᠳᠦᠷ ᠪᠣᠯ ᠪᠦᠬᠦ ᠤᠯᠤᠰ᠎ᠤᠨ ᠶᠢᠰᠦᠳᠡᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》 ᠪᠣᠯᠣᠨ᠎ᠠ᠂ ᠰᠢ ᠵᠢᠨ ᠫᠢᠩ ᠶᠡᠷᠦᠩᠬᠡᠢ ᠱᠦᠵᠢ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ 《ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠬᠥᠭᠵᠢᠯᠲᠡ ᠵᠢ ᠳᠡᠮᠵᠢᠬᠦ》 ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 9 ᠳ᠋ᠤᠬᠡᠷ ᠰᠠᠷ᠎ᠠ ᠵᠢᠨ 1᠎ᠤ ᠡᠳᠦᠷ 《ᠮᠣᠷᠠᠯ᠎ᠢ ᠡᠷᠬᠢᠮᠯᠡᠨ ᠬᠠᠤᠯᠢ ᠶᠣᠰᠣᠭ᠋ᠠᠷ ᠪᠤᠶᠠᠨ ᠦᠢ᠍ᠯᠡᠳᠬᠦ》᠎ᠪᠠᠷ ᠭᠣᠣᠯ ᠰᠡᠳᠦᠪ ᠪᠣᠯᠭ᠋ᠠᠭᠰᠠᠨ ᠶᠢᠰᠦᠳᠡᠬᠢ 《ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ》᠎ᠤᠨ ᠭᠣᠣᠯ ᠰᠡᠳᠦᠪᠲᠦ ᠤᠬᠠᠭᠤᠯᠭ᠎ᠠ ᠪᠠ ᠵᠠᠰᠠᠭ᠎ᠤᠨ ᠣᠷᠳᠣᠨ᠎ᠤ ᠲᠤᠰᠠᠯᠠᠮᠵᠢ ᠪᠤᠯᠤᠨ ᠨᠢᠭᠦᠯᠡᠰᠦᠩᠭᠦᠢ ᠵᠢᠨ ᠲᠡᠳᠬᠦᠮᠵᠢ ᠵᠢ ᠪᠦᠲᠦᠮᠵᠢᠲᠡᠶ ᠵᠣᠯᠭ᠋ᠠᠭᠤᠯᠤᠨ ᠠᠬᠢᠭᠤᠯᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢᠨ ᠵᠣᠷᠢᠯᠭ᠎ᠠ᠎ᠨᠢ ᠨᠡᠢ᠌ᠭᠡᠮ᠎ᠤᠨ ᠡᠯ᠎ᠡ ᠡᠲᠡᠭᠡᠳ᠎ᠤᠨ ᠬᠨᠨᠳᠢᠪ ᠡᠷᠬᠦᠭᠰᠡᠳᠢ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠲᠤ ᠢᠳᠡᠪᠬᠢᠲᠡᠢ᠎ᠪᠠᠷ ᠣᠷᠣᠯᠴᠠᠬᠤ ᠵᠢ ᠵᠣᠷᠢᠭᠵᠢᠭᠤᠯᠤᠨ ᠳᠡᠮᠵᠢᠵᠦ᠂ 《ᠬᠥᠮᠥᠨ ᠪᠣᠯᠭ᠋ᠠᠨ ᠨᠢᠭᠦᠯᠡᠰᠦᠩᠭᠦᠢ ᠰᠡᠳᠬᠢᠯ᠎ᠲᠠᠢ᠂ ᠬᠥᠮᠥᠨ ᠪᠣᠯᠭ᠋ᠠᠨ ᠨᠢᠭᠦᠯᠡᠰᠦᠩᠭᠦᠢ ᠵᠢᠨ ᠦᠢ᠍ᠯᠡᠰ᠎ᠲᠤ ᠣᠷᠣᠯᠴᠠᠬᠤ》 ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠶ ᠪᠣᠯᠭ᠋ᠠᠵᠤ ᠨᠢᠭᠦᠯᠡᠰᠦᠩᠭᠦᠢ ᠵᠢᠨ ᠦᠢ᠍ᠯᠡᠰ᠎ᠢ ᠪᠦᠬᠦ ᠨᠡᠢ᠌ᠭᠡᠮ ᠵᠶ᠋ᠡᠷ ᠵᠶ᠋ᠡᠨ ᠬᠠᠮᠲᠤ᠎ᠪᠠᠷ ᠬᠠᠯᠠᠮᠵᠢᠯᠠᠨ ᠳᠡᠮᠵᠢᠬᠦ ᠪᠠ ᠨᠢᠬᠦᠯᠡᠰᠤᠡᠭᠭᠦᠢ ᠵᠢᠨ ᠦᠢ᠍ᠯᠡᠰ᠎ᠲᠤ ᠤᠷᠤᠯᠴᠠᠬᠤ ᠵᠢ ᠤᠷᠢᠶᠠᠯᠠᠪᠠ᠃
ᠨᠢᠭᠦᠯᠡᠰᠦᠩᠭᠦᠢ ᠵᠢᠨ ᠰᠣᠶᠣᠯ᠎ᠢ ᠪᠠᠳᠠᠷᠠᠭᠤᠯᠬᠤ
ᠨᠢᠭᠦᠯᠡᠰᠦᠩᠭᠦᠢ ᠦᠢ᠍ᠯᠡᠰ᠎ᠤᠨ ᠦᠷ᠎ᠡ ᠪᠦᠲᠦᠭᠡᠯ᠎ᠢ ᠦᠵᠡᠬᠦᠯᠪᠡ
ᠨᠢᠭᠦᠯᠡᠰᠦᠩᠭᠦᠢ ᠵᠢᠨ ᠰᠣᠶᠣᠯ᠎ᠢ ᠥᠷᠭᠡᠨ ᠵᠶ᠋ᠡᠷ ᠪᠠᠳᠠᠷᠠᠭᠤᠯᠵᠤ ᠬᠠᠨᠳᠢᠪ ᠡᠷᠬᠦᠬᠦ ᠢᠳᠡᠪᠬᠢ ᠬᠦᠴᠦᠨ᠎ᠢ ᠲᠠᠮᠵᠢᠭᠤᠯᠪᠠ᠃ ᠤᠬᠠᠭᠤᠯᠭ᠎ᠠ ᠵᠢᠨ ᠠᠵᠢᠯᠯᠠᠭ᠎ᠠ ᠵᠢᠨ ᠲᠤᠬᠠᠢ ᠵᠢᠨ ᠲᠠᠯᠠᠪᠤᠷ᠎ᠲᠤ ᠨᠢᠭᠦᠯᠡᠰᠦᠩᠭᠦᠢ ᠵᠢᠨ ᠦᠢ᠍ᠯᠡᠰ᠎ᠤᠨ ᠬᠥᠭᠵᠢᠯᠲᠡ ᠵᠢ ᠳᠡᠮᠵᠢᠵᠦ ᠪᠠᠢ᠌ᠭ᠎ᠠ 7 ᠬᠠᠨᠳᠢᠪ ᠡᠷᠬᠦᠬᠦ ᠠᠵᠤ ᠠᠬᠤᠢ᠌ᠯᠠᠯ᠎ᠳᠤ ᠬᠠᠨᠳᠢᠪᠯᠡᠭ᠍ᠰᠠᠨ ᠦᠨᠡᠮᠯᠡᠯ ᠣᠯᠭᠣᠵᠤ᠂ ᠬᠡᠰᠡᠭ ᠬᠠᠨᠳᠢᠪ ᠡᠷᠬᠦᠭᠰᠡᠨ ᠠᠵᠤ ᠠᠬᠤᠢ᠌ᠯᠠᠯ ᠬᠢᠭᠡᠳ ᠰᠠᠭᠤᠷᠢ ᠮᠥᠩᠭᠥᠨ᠎ᠤ ᠨᠡᠢ᠌ᠭᠡᠮᠯᠢᠭ᠎ᠤᠨ᠎ᠬᠢᠨ ᠲᠤᠬᠠᠢ ᠵᠢᠨ ᠲᠠᠯᠠᠪᠤᠷ᠎ᠲᠤ ᠠᠷᠠᠳ᠎ᠤᠨ ᠵᠣᠭᠣᠰ ᠵᠶ᠋ᠠᠷ 534 ᠲᠦᠮᠡ ᠭᠠᠷᠤᠢ ᠲᠥᠭᠥᠷᠢᠭ᠎ᠤᠨ ᠨᠢᠭᠦᠯᠡᠰᠦᠩᠭᠦᠢ ᠵᠢᠨ ᠰᠠᠭᠤᠷᠢ ᠮᠥᠩᠭᠥ ᠬᠢᠭᠡᠳ ᠨᠡᠶ᠋ᠢᠲᠡ ᠵᠢᠨ ᠠᠰᠠᠷᠠᠮᠵᠢ ᠵᠢᠨ ᠵᠦᠢ᠍ᠯᠡᠰ᠎ᠢ ᠬᠠᠨᠳᠢᠪᠯᠡᠵᠤ᠂ ᠪᠥᠬᠥ ᠬᠣᠲᠠ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ 20 ᠡᠷᠦᠬᠡ᠂ ᠣᠨᠴᠠ ᠬᠦᠴᠢᠷᠳᠡᠯᠲᠡᠢ ᠬᠦᠮᠦᠰ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ ᠵᠡᠷᠭᠡ ᠲᠥᠯᠥᠭᠡᠯᠡᠭᠴᠢᠳ᠎ᠲᠤ ᠨᠢᠭᠦᠯᠡᠰᠦᠩᠭᠦᠢ ᠵᠢᠨ ᠲᠡᠳᠬᠦᠮᠵᠢ ᠵᠢᠨ ᠮᠥᠩᠭᠥ ᠪᠠ ᠡᠳ᠋ ᠪᠣᠳᠠᠰ ᠣᠯᠭᠣᠵᠠᠢ᠃ 2024 ᠣᠨ᠎ᠠᠴᠠ 2025 ᠣᠨ ᠪᠣᠯᠲᠠᠯ᠎ᠠ᠂ ᠱᠠᠲᠤ ᠬᠤᠪᠢᠶᠠᠨ ᠪᠥᠬᠥ ᠬᠣᠲᠠ ᠵᠢᠨ ᠬᠡᠪᠴᠢᠶᠡᠨ᠎ᠳᠤ 3000 ᠨᠢᠭᠦᠯᠡᠰᠦᠩᠭᠦᠢ ᠵᠢᠨ ᠬᠠᠪᠰᠤᠷᠤᠨ ᠲᠡᠳᠬᠦᠬᠦ ᠡᠲᠡᠭᠡᠳ᠎ᠢ ᠰᠣᠩᠭᠣᠨ ᠬᠥᠮᠥᠨ ᠪᠦᠷᠢ ᠡᠷᠦᠬᠡ ᠪᠦᠷᠢ ᠵᠢᠨ ᠶᠡᠷᠦᠩᠬᠡᠢ ᠥᠷᠲᠡᠭ᠎ᠨᠢ 800 ᠲᠥᠭᠥᠷᠢᠭ᠎ᠤᠨ ᠨᠢᠭᠦᠯᠡᠰᠦᠩᠭᠦᠢ ᠵᠢᠨ ᠬᠠᠪᠰᠤᠷᠤᠨ ᠲᠡᠳᠬᠦᠬᠦ᠎ᠪᠠᠷ ᠪᠣᠶ᠂ ᠡᠭᠦᠨ᠎ᠳᠤ ᠪᠡᠯᠡᠨ ᠵᠣᠭᠣᠰ᠎ᠨᠢ 500 ᠲᠥᠭᠥᠷᠢᠭ᠂ ᠡᠳ᠋ ᠪᠣᠳᠠᠰ᠎ᠤᠨ ᠥᠷᠲᠡᠭ᠎ᠨᠢ 300 ᠲᠥᠭᠥᠷᠢᠭ ᠪᠣᠯᠣᠨ᠎ᠠ᠃ ᠡᠨᠡ ᠵᠢᠯ 400 ᠬᠥᠮᠥᠨ᠎ᠢ ᠨᠢᠭᠦᠯᠡᠰᠦᠩᠭᠦᠢ ᠵᠢᠨ ᠲᠡᠳᠬᠦᠮᠵᠢ ᠵᠢᠨ ᠠᠵᠢᠯ᠎ᠢ ᠪᠡᠶᠡᠯᠡᠭᠦᠯᠬᠦ᠎ᠪᠠᠷ ᠲᠥᠯᠥᠪᠯᠡᠵᠦ᠂ ᠣᠳᠣᠬᠠᠨ᠎ᠳᠤ ᠨᠢᠭᠡᠨᠲᠡ 200 ᠬᠥᠮᠥᠨ᠎ᠢ ᠲᠡᠳᠬᠦᠬᠡᠳ ᠪᠠᠢ᠌ᠨ᠎ᠠ᠃ ᠣᠲᠣ ᠪᠣᠯᠲᠠᠯ᠎ᠠ ᠪᠤᠭᠤᠲᠤ ᠬᠣᠲᠠ ᠵᠢᠨ ᠡᠯ᠎ᠡ ᠱᠠᠲᠤᠨ᠎ᠤ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ 6981 ᠲᠦᠮᠡᠨ ᠲᠥᠭᠥᠷᠢᠭ᠎ᠤᠨ ᠵᠣᠭᠣᠰ ᠮᠥᠩᠭᠥ ᠡᠳ᠋ ᠪᠣᠳᠠᠰ ᠬᠠᠨᠳᠢᠪᠯᠡᠵᠤ᠂ ᠨᠢᠭᠦᠯᠡᠰᠦᠩᠭᠦᠢ ᠵᠢᠨ ᠲᠡᠳᠬᠦᠮᠵᠢ᠂ ᠬᠦᠴᠢᠷᠳᠡᠯ᠎ᠲᠠᠢ ᠬᠦᠮᠦᠰ᠎ᠢ ᠲᠤᠰᠠᠯᠠᠬᠤ᠂ ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ᠂ ᠰᠤᠷᠭ᠋ᠠᠨ ᠬᠥᠮᠦᠵᠢᠯ ᠰᠣᠶᠣᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠡᠮ ᠡᠮᠨᠡᠯᠭᠡ ᠵᠢᠨ ᠠᠪᠤᠷᠠᠨ ᠲᠤᠰᠠᠯᠠᠬᠤ ᠵᠡᠷᠭᠡ ᠣᠯᠠᠨ ᠬᠦᠷᠢᠶ᠎ᠡ ᠴᠠᠷᠠᠭ᠋ᠠᠨ᠎ᠳᠤ ᠢᠳᠡᠪᠬᠢᠲᠡᠢ ᠴᠢᠬᠤᠯᠠ ᠦᠢ᠍ᠯᠡᠳᠦᠯ ᠦᠵᠡᠭᠦᠯᠪᠡ᠃
ᠪᠤᠭᠤᠲᠤ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠵᠦ ᠳᠠᠪᠠᠭᠤᠯᠢᠭ ᠵᠶ᠋ᠠᠨ ᠬᠠᠷᠢᠯᠴᠠᠨ ᠨᠦᠬᠦᠪᠤᠷᠢᠯᠡᠵᠤ ᠬᠠᠮᠳᠤ᠎ᠪᠠᠷ ᠡᠳ᠋ᠯᠡᠵᠦ ᠠᠭᠤᠰᠤᠯᠴᠠᠭᠰᠠᠨ ᠥᠨᠳᠥᠷ ᠪᠦᠲᠦᠮᠵᠢᠲᠡᠢ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠵᠣᠬᠢᠴᠠᠭᠤᠯᠬᠤ ᠰᠢᠨ᠎ᠡ ᠪᠠᠢ᠌ᠷᠢᠰᠢᠯ᠎ᠢ ᠪᠦᠷᠢᠯᠳᠦᠭᠦᠯᠵᠡᠢ᠃ ᠦᠨᠳᠦᠰᠦᠨ ᠠᠮᠢᠳᠤᠷᠠᠯ᠎ᠤᠨ ᠲᠤᠰᠠᠯᠠᠮᠵᠢ᠎ᠪᠠᠷ ᠰᠠᠭᠤᠷᠢ ᠪᠣᠯᠭ᠋ᠠᠭᠰᠠᠨ᠂ ᠲᠤᠰᠬᠠᠢ ᠵᠦᠢ᠍ᠯ ᠵᠶ᠋ᠡᠷ ᠲᠤᠰᠠᠯᠠᠬᠤ᠂ ᠪᠠᠴᠢᠮᠳᠠᠯ ᠬᠦᠴᠢᠷᠳᠡᠯ᠎ᠲᠠᠢ ᠬᠦᠮᠦᠰ᠎ᠢ ᠲᠤᠰᠠᠯᠠᠬᠤ᠎ᠪᠠᠷ ᠭᠣᠣᠯ ᠴᠣᠭᠴᠠ ᠪᠣᠯᠭ᠋ᠠᠭᠰᠠᠨ᠂ ᠨᠡᠢ᠌ᠭᠡᠮ᠎ᠤᠨ ᠬᠦᠴᠦᠨ᠎ᠤ ᠣᠷᠤᠯᠴᠠᠯᠭ᠎ᠠ᠎ᠪᠠᠷ ᠨᠥᠬᠥᠪᠦᠷᠢ ᠪᠣᠯᠭ᠋ᠠᠭᠰᠠᠨ᠂ ᠪᠦᠬᠦ ᠲᠠᠯ᠎ᠠ ᠵᠢ ᠬᠠᠮᠤᠷᠤᠭᠰᠠᠨ᠂ ᠱᠠᠲᠤ ᠲᠦᠷᠦᠯ ᠬᠤᠪᠢᠶᠠᠭᠰᠠᠨ᠂ ᠶᠡᠷᠦᠩᠬᠡᠢ᠌ᠯᠡᠭᠰᠡᠨ ᠥᠨᠳᠥᠷ ᠪᠦᠲᠦᠮᠵᠢᠲᠡᠶ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠪᠠᠢ᠌ᠷᠢᠰᠢᠯ᠎ᠢ ᠪᠤᠢ ᠪᠣᠯᠭ᠋ᠠᠵᠤ ᠬᠦᠴᠢᠷᠳᠡᠯᠲᠡᠢ ᠤᠯᠠᠨ ᠲᠦᠮᠡᠨ᠎ᠤ ᠪᠠᠴᠢᠮᠳᠠᠯ ᠬᠦᠴᠢᠷᠳᠡᠯ ᠵᠣᠪᠠᠨᠢᠯ᠎ᠢ ᠬᠦᠴᠦ᠎ᠪᠠᠨ ᠬᠠᠮᠲᠤᠳᠬᠠᠨ ᠰᠢᠢ᠍ᠳᠪᠤᠷᠢᠯᠡᠬᠡᠳ ᠬᠦᠴᠢᠷᠳᠡᠯᠲᠡᠢ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠬᠦᠯᠵᠤ ᠪᠠᠢ᠌ᠨ᠎ᠠ᠃
ᠨᠢᠭᠦᠯᠡᠰᠦᠩᠭᠦᠢ ᠵᠢᠨ ᠡᠬᠢ ᠪᠠᠶᠠᠯᠢᠭ᠎ᠢ ᠠᠮᠢᠳᠤᠯᠢᠭ ᠪᠤᠯᠭ᠋ᠠᠵᠤ
ᠨᠢᠭᠦᠯᠡᠰᠦᠩᠭᠦᠢ ᠵᠢᠨ ᠦᠢ᠍ᠯᠡᠰ᠎ᠲᠤ ᠤᠷᠤᠯᠴᠠᠬᠤ ᠬᠠᠯᠠᠭᠤᠨ ᠤᠷᠮ᠎ᠠ ᠵᠢ᠎ᠨᠢ ᠬᠦᠭᠵᠢᠬᠡᠪᠡ
ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠪᠤᠭᠤᠲᠤ ᠬᠤᠳᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ 3 ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠰᠠᠭᠤᠷᠢ ᠮᠥᠩᠭᠥᠨ᠎ᠤ ᠲᠥᠯᠥᠭᠡᠯᠡᠭᠴᠢ᠎ᠲᠠᠢ ᠭᠡᠷ᠎ᠡ ᠲᠣᠭᠲᠠᠵᠤ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠶᠠᠪᠤᠴᠠ᠎ᠳᠤ ᠲᠤᠯᠭ᠋ᠠᠷᠠᠭᠰᠠᠨ 《ᠪᠠᠭ᠎ᠠ ᠪᠤᠶᠤ ᠲᠦᠪᠡᠭᠲᠡᠢ》 ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠤᠬᠰᠠᠨ᠎ᠤ ᠬᠠᠮᠳᠤ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠵᠤ ᠨᠡᠢ᠌ᠭᠡᠮ ᠲᠣᠭᠣᠷᠢᠭ᠎ᠤᠨ ᠪᠥᠬᠥ ᠬᠣᠲᠠ᠎ᠳᠤ ᠰᠠᠨᠠᠭ᠋ᠠᠴᠢᠯᠠᠭ᠎ᠠ ᠭᠠᠷᠭ᠋ᠠᠬᠤ᠎ᠪᠠᠷ ᠳᠠᠮᠵᠢᠭᠤᠯᠤᠨ ᠨᠢᠭᠦᠯᠡᠰᠦᠩᠭᠦᠢ ᠵᠢᠨ ᠤᠬᠠᠭᠤᠯᠭ᠎ᠠ ᠵᠢᠨ ᠭᠠᠷ ᠠᠪᠤᠯᠭ᠎ᠠ ᠵᠢ 500 ᠭᠠᠷᠤᠢ ᠳᠡᠪᠲᠡᠷ ᠲᠠᠷᠬᠠᠭ᠋ᠠᠵᠤ ᠨᠡᠢ᠌ᠭᠡᠮ᠎ᠤᠨ ᠬᠦᠴᠦᠨ᠎ᠢ ᠳᠠᠶ᠋ᠢᠴᠢᠯᠠᠨ ᠨᠢᠭᠦᠯᠡᠰᠦᠩᠭᠦᠢ ᠵᠢᠨ ᠦᠢ᠍ᠯᠡᠰ᠎ᠲᠤ ᠬᠠᠮᠲᠤ᠎ᠪᠠᠷ ᠣᠷᠣᠯᠴᠠᠭᠤᠯᠵᠤ ᠨᠢᠭᠦᠯᠡᠰᠦᠩᠭᠦᠢ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠪᠠ᠃ ᠣᠳᠣᠬᠠᠨ᠎ᠳᠤ ᠪᠥᠬᠥ ᠬᠣᠲᠠ᠎ᠳᠤ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠰᠠᠭᠤᠷᠢ ᠮᠥᠩᠭᠥ ᠵᠢ 24 ᠪᠠᠢ᠌ᠭᠤᠯᠵᠤ᠂ ᠨᠠᠰᠤᠲᠠᠨ᠎ᠢ ᠲᠡᠳᠬᠦᠨ ᠨᠠᠰᠤᠲᠠᠨ᠎ᠢ ᠬᠦᠨᠳᠦᠯᠡᠬᠦ᠂ ᠡᠮᠴᠢᠯᠡᠬᠡ ᠵᠢ ᠳᠡᠮᠵᠢᠨ ᠰᠤᠷᠤᠯᠭ᠎ᠠ ᠵᠢ ᠲᠡᠳᠬᠦᠬᠦ᠂ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠡᠷᠭᠡ ᠲᠠᠯ᠎ᠠ᠎ᠪᠠᠷ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠢ᠌ᠨ᠎ᠠ᠃